ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨᠲ᠋ᠥ᠋ᠯᠥᠭᠡᠯᠡᠭᠴᠢᠳᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ | ᠪᠢᠴᠢᠭ ᠮᠠᠲ᠋ᠧᠷᠢᠶᠠᠯ ︵ᠵᠢᠷᠭᠤᠭ᠎ᠠ︶ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ | | — 2022 ᠣᠨ ᠤ 1 ᠰᠠᠷ᠎ᠠ ᠶᠢᠨ8 ᠤ ᠡᠳᠦᠷ ᠤᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ | ᠬᠤᠷᠢᠶᠠᠨ ᠤ ᠣᠷᠣᠯᠠᠭᠴᠢ ᠬᠤᠷᠢᠶᠠᠨ ᠳᠠᠷᠤᠭ᠎ᠠ ᠴᠧᠨ ᠴᠠᠩ | | ᠲᠥᠯᠥᠭᠡᠯᠡᠭᠴᠢᠳ ᠡ᠄ | ᠤᠲᠤ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠶᠢ | ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠤ | ᠬᠤᠷᠠᠯ ᠳᠤ ᠰᠤᠯᠠ ᠣᠷᠤᠯᠴᠠᠭᠰᠠᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠡᠯ᠎ᠡ ᠤᠳᠤᠷᠢᠳᠤᠯᠭ᠎ᠠ ᠪᠣᠯᠤᠨ | ᠨᠦᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2018 ᠣᠨ ᠠᠴᠠ 2021 ᠣᠨ ᠤ ᠬᠤᠭᠤᠷᠤᠨᠳᠤᠬᠢ ᠬᠢᠭᠰᠡᠨᠭᠤᠣᠯ ᠠᠵᠢᠯ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠳᠡᠭᠡᠳᠦ ᠱᠠᠲᠤᠨ ᠤ ᠰᠢᠭᠦᠬᠦ ᠬᠤᠷᠢᠶᠠᠨ ᠤ ᠵᠥᠪ | ᠵᠢᠯᠣᠭᠤᠳᠣᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠦᠴᠦᠲᠡᠶ ᠬᠢᠨᠠᠯᠲᠠ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠡᠯ᠎ᠡ | ᠡᠲᠡᠭᠡᠳ ᠤᠨ ᠬᠠᠯᠠᠮᠵᠢᠯᠠᠯ ᠣᠶᠢᠯᠠᠭᠠᠯᠲᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠡᠯ᠎ᠡ ᠬᠤᠭᠤᠴᠠᠭᠠᠨ ᠤ ᠪᠦᠭᠦᠳᠡ ᠬᠤᠷᠠᠯ ᠪᠣᠯᠤᠨ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢᠨ ᠳᠤᠮᠳᠠ ᠠᠴᠠ ᠠᠷᠠᠳ | ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ ᠠᠵᠢᠯ ᠤᠨ ᠬᠠᠷᠠᠯᠲᠠ ᠲᠠᠢ | ᠨᠢᠭᠲᠠ ᠤᠶᠠᠯᠳᠤᠭᠤᠯᠤᠨ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ ᠰᠢᠭᠦᠬᠦ ᠬᠤᠷᠢᠶᠠᠨ ᠤ | ᠡᠯ᠎ᠡ ᠵᠦᠢᠯ ᠤᠨ ᠠᠵᠢᠯ ᠤᠨ ᠰᠢᠨ᠎ᠡ ᠬᠥᠭᠵᠢᠯᠲᠡ᠂ ᠰᠢᠨ᠎ᠡ ᠲᠠᠪᠰᠢᠯᠳᠠ ᠲᠠᠢ ᠪᠣᠯᠬᠤ ᠶᠢ ᠲᠦᠯᠬᠢᠨ ᠠᠬᠢᠭᠤᠯᠤᠨ᠎ᠠ᠃ | ︵ᠨᠢᠭᠡ︶ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠭᠤᠣᠯ ᠠᠵᠢᠯ ᠢ ᠪᠦᠬᠦ | ᠬᠦᠴᠦᠨ ᠢᠶᠠᠷ ᠢᠶᠠᠨ ᠪᠠᠲᠤᠯᠠᠪᠠ | ᠨᠢᠭᠡ ᠳᠤ᠂ ᠶᠡᠭᠡ ᠲᠠᠯ᠎ᠠ ᠳᠤ ᠦᠢᠯᠡᠴᠢᠯᠡᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠪᠠ᠃ ᠤᠷᠢᠳ ᠬᠤᠵᠢᠳ ︽ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠵᠦ ᠪᠠᠲᠤᠯᠠᠬᠤ ᠶᠢᠨ ︿ᠰᠡᠳᠬᠢᠯ ᠢ | ᠳᠤᠯᠠᠭᠠᠴᠠᠭᠤᠯᠬᠤ ᠵᠠᠷᠭᠤ﹀ ︿ᠠᠮᠢᠳᠤᠷᠠᠯ ᠤᠨ ᠵᠠᠮ ᠢ ᠬᠡᠷᠡᠭᠵᠢᠭᠦᠯᠬᠦ﹀ ᠶᠢ ᠬᠡᠷᠡᠭᠵᠢᠭᠦᠯᠬᠦ ᠰᠠᠨᠠᠯ︾᠂ ︽ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠢᠭᠡᠳ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠤ ᠵᠠᠷᠭᠤ ᠪᠠ ᠡᠶᠡᠳᠡᠭᠦᠯᠭᠡ ᠶᠢ ᠵᠣᠯᠭᠠᠭᠤᠯᠬᠤ ᠲᠣᠭᠲᠠᠴᠠ ᠶᠢ | ᠪᠠᠶᠢᠭᠤᠯᠬᠤ ᠰᠠᠨᠠᠯ︾ ᠵᠡᠷᠭᠡ ᠲᠦᠷᠢᠮ ᠤᠨ ᠪᠢᠴᠢᠭ ᠮᠠᠲ᠋ᠧᠷᠢᠶᠠᠯ ᠢ ᠲᠣᠭᠲᠠᠭᠠᠪᠠ᠂ ︽ᠬᠠᠤᠯᠢ ᠶᠢ ᠠᠵᠤ | ᠠᠬᠤᠶᠢᠯᠠᠯ ᠳᠤ ᠬᠦᠷᠭᠡᠬᠦ︾᠂ ︽ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠶᠢ 180 | ᠭᠠᠷᠤᠶ ᠤᠳᠠᠭ᠎ᠠ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ | ᠡᠵᠡᠩᠨᠡᠯᠲᠡ ᠶᠢᠨ ᠳᠤᠮᠳᠠ ᠲᠣᠬᠢᠶᠠᠯᠳᠤᠭᠰᠠᠨ ᠬᠠᠤᠯᠢ ᠳᠤ ᠬᠤᠯᠪᠣᠭᠳᠠᠭᠰᠠᠨ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ ᠥᠭᠪᠡ᠃ ᠲᠦᠷᠪᠡᠨ ᠵᠢᠯ ᠤᠨ ᠲᠤᠷᠰᠢ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ | ᠨᠡᠶᠢᠳᠡ 2206 ᠬᠤᠪᠢ ᠰᠢᠭᠦᠨ ᠳᠠᠭᠤᠰᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ | 1144 ᠭᠠᠷᠤᠶ ᠬᠤᠪᠢ ᠰᠢᠭᠦᠨ ᠳᠠᠭᠤᠰᠬᠠᠵᠤ᠂ ᠭᠦᠢᠴᠡᠳᠬᠡᠭᠰᠡᠨ ᠬᠠᠷᠠᠯᠲᠠ ᠶᠢᠨ ᠲᠤᠭ᠎ᠠ 1.8 ᠳ᠋ᠦᠩᠰᠢᠭᠤᠷ | ᠰᠢᠬᠠᠮ ᠲᠥᠭᠦᠷᠢᠭ ᠲᠤ ᠬᠦᠷᠴᠡᠶ᠃ | ᠬᠤᠶᠠᠷ ᠲᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠵᠦ᠂ | ᠠᠮᠤᠷ ᠠᠮᠤᠭᠤᠯᠠᠩ ᠡᠶ᠎ᠡ ᠵᠣᠬᠢᠴᠠᠩᠭᠤᠢ ᠨᠡᠶᠢᠭᠡᠮ ᠤᠨ ᠵᠦᠭᠡᠯᠡᠨ ᠣᠷᠴᠢᠨ ᠢ ᠪᠤᠢ ᠪᠤᠯᠭᠠᠪᠠ᠃ ︽ᠬᠠᠲᠠᠭᠤ ᠬᠡᠷᠡᠭ︾ | ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠦᠴᠦᠲᠡᠶ ᠴᠣᠬᠢᠯᠲᠠ | ᠥᠭᠴᠦ᠂ ᠭᠦᠸᠧ ᠶᠦᠩ᠂ ᠯᠢ ᠯᠦᠩ ᠯᠦᠩ᠂ ᠼᠦᠢ ᠯᠢᠨ ᠲᠢᠶᠠᠨ ᠵᠡᠷᠭᠡ ᠬᠠᠷ᠎ᠠ ᠪᠦᠯᠦᠭᠲᠡᠨ ᠳᠤ | ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠰᠢᠭᠦᠵᠦ ᠳᠠᠭᠤᠰᠬᠠᠪᠠ᠃ ᠬᠠᠷ᠎ᠠ ᠨᠡᠶᠢᠭᠡᠮ ᠳᠤ ᠬᠤᠯᠪᠣᠭᠳᠠᠭᠰᠠᠨ | ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠡᠳ᠋ ᠬᠥᠷᠤᠩᠭᠡ ᠶᠢᠨ ᠡᠷᠡᠭᠦᠦ ᠶᠢ ᠲᠤᠰᠬᠠᠶ ᠵᠦᠢᠯ ᠢᠶᠠᠷ | ᠭᠦᠢᠴᠡᠳᠬᠡᠬᠦ ᠠᠵᠢᠯᠯᠠᠭ᠎ᠠ ᠶᠢ ᠥᠷᠨᠢᠭᠦᠯᠵᠦ᠂ ᠭᠦᠢᠴᠡᠳᠬᠡᠭᠰᠡᠨ ᠪᠡᠯᠡ ᠮᠥᠩᠭᠦ153.56 ᠲᠦᠮᠡᠨ ᠲᠥᠭᠦᠷᠢᠭ ᠲᠤ | ᠬᠦᠷᠴᠦ᠂ ︽ᠡᠳ᠋ ᠮᠥᠩᠭᠦ ᠳᠤ ᠴᠣᠬᠢᠯᠲᠠ ᠥᠭᠴᠦ ᠴᠢᠰᠤ ᠶᠢ ᠨᠢ ᠲᠠᠰᠤᠯᠬᠤ︾ ᠪᠠᠷ ᠬᠦᠴᠦᠯᠡᠨ ᠴᠢᠷᠮᠠᠶᠢᠵᠤ᠂ | ᠬᠠᠷ᠎ᠠ ᠨᠡᠶᠢᠭᠡᠮ ᠤᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢᠨ ᠠᠵᠤ ᠠᠬᠤᠶ ᠶᠢᠨ ᠰᠠᠭᠤᠷᠢ ᠶᠢ ᠤᠰᠠᠳᠬᠠᠪᠠ᠃ | ᠭᠤᠷᠪᠠ ᠳᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠤᠮᠠᠷᠠᠲᠤ ᠬᠢᠯᠢ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠬᠠᠮᠠᠭᠠᠯᠠᠪᠠ᠃ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠳᠦ | ᠱᠠᠲᠤᠨ ᠤ ᠰᠢᠭᠦᠬᠦ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠲᠤᠰᠬᠠᠶ ᠠᠩᠭᠢ | ᠪᠠᠶᠢᠭᠤᠯᠵᠤ᠂ ᠣᠶ ᠰᠢᠭᠤᠶ ᠡᠪᠡᠰᠦ ᠪᠡᠯᠴᠢᠭᠡᠷ ᠢ ᠲᠤᠰᠬᠠᠶ ᠴᠡᠭᠴᠡᠯᠡᠨ ᠵᠠᠰᠠᠬᠤ᠂ ᠨᠡᠭᠦᠷᠡᠰᠦᠨ ᠤ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠣᠷᠴᠢᠨ | ᠠᠬᠤᠶ ᠡᠬᠢ ᠪᠠᠶᠠᠯᠢᠭ ᠤᠨ ᠬᠦᠷᠢᠶᠡᠨ ᠳᠠᠬᠢ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠭᠡᠪᠡ᠃ ᠣᠶ ᠰᠢᠭᠤᠶ | ᠡᠪᠡᠰᠦ ᠪᠡᠯᠴᠢᠭᠡᠷ ᠲᠤ ᠬᠤᠯᠪᠣᠭᠳᠠᠭᠰᠠᠨ ᠡᠷᠡᠭᠦᠤ ᠶᠢᠨ ᠬᠡᠷᠡᠭ ᠤᠨ ᠵᠣᠭᠤᠰ ᠢᠶᠠᠷ ᠲᠣᠷᠭᠠᠭᠰᠠᠨ ᠬᠡᠷᠡᠭ ᠢ 110 | ᠬᠤᠪᠢ ᠰᠢᠢᠳᠪᠦᠷᠢᠯᠡᠵᠦ᠂ 63.5 ᠲᠦᠮᠡᠨ ᠲᠥᠭᠦᠷᠢᠭ ᠢ ᠪᠣᠳᠠᠲᠠᠶ ᠪᠠᠷ ᠭᠦᠢᠴᠡᠳᠭᠡᠪᠡ᠃ ᠳᠡᠭᠡᠳᠦ ᠱᠠᠲᠤᠨ ᠤ | ᠰᠢᠭᠦᠬᠦ ᠬᠤᠷᠢᠶᠠᠨ ᠤ ᠵᠢᠭᠠᠨ ᠲᠣᠭᠲᠠᠭᠠᠭᠰᠠᠨ ᠨᠡᠭᠦᠷᠡᠰᠦᠨ ᠳᠤ ᠬᠤᠯᠪᠣᠭᠳᠠᠭᠰᠠᠨ ᠬᠡᠷᠡᠭ ᠢ 1 ᠬᠡᠷᠡᠭ 2 ᠬᠥᠮᠦᠨ | ᠰᠢᠭᠦᠨ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠵᠣᠭᠤᠰᠣᠨ ᠤ ᠲᠤᠭ᠎ᠠ ᠨᠢ 9379 ᠲᠦᠮᠡᠨ | ᠲᠥᠭᠦᠷᠢᠭ ᠲᠤ ᠬᠦᠷᠴᠡᠶ᠃ | ᠲᠦᠷᠪᠡ ᠳᠤ᠂ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠬᠤᠷᠢᠭᠯᠠᠨ ᠴᠣᠬᠢᠬᠤ | ᠲᠡᠶᠢᠨ ᠳᠤ ᠣᠷᠤᠯᠴᠠᠪᠠ᠃ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠨᠢᠭᠡᠴᠢ ᠶᠢᠨ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠢᠩᠭ᠎ᠠ ᠠᠳᠬᠤᠨ ᠪᠣᠳᠠᠲᠠᠶ ᠪᠠᠷ | ᠠᠳᠬᠤᠵᠤ᠂ ᠨᠡᠶᠢᠳᠡ 19 ᠺᠠᠳ᠋ᠷ ᠴᠠᠭᠳᠠᠭ᠎ᠠ ᠶᠢ ᠲᠣᠮᠢᠯᠠᠨ ᠲᠣᠰᠬᠤᠨ ᠳᠤ ᠰᠠᠭᠤᠬᠤ ᠺᠠᠳ᠋ᠷ ᠤᠨ ᠲᠤᠰᠢᠶᠠᠯ ᠢ | ᠡᠭᠦᠷᠭᠡᠯᠡᠭᠦᠯᠵᠦ᠂ ᠡᠷᠦᠭᠡ ᠳᠤ ᠣᠴᠢᠭᠤᠯᠤᠨ 2900 ᠭᠠᠷᠤᠶ ᠬᠥᠮᠦᠨ ᠤᠳᠠᠭ᠎ᠠ ᠪᠠᠶᠢᠴᠠᠭᠠᠨ ᠰᠤᠷᠪᠤᠯᠵᠢᠯᠠᠵᠤ᠂ | ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ ᠵᠣᠭᠤᠰ ᠮᠥᠩᠭᠦ ᠡᠳ᠋ ᠪᠣᠳᠠᠰ ᠢ 40.1 ᠲᠦᠮᠡᠨ ᠲᠥᠭᠦᠷᠢᠭ | ᠨᠠᠶᠢᠳᠠᠪᠤᠷᠢᠵᠢᠭᠤᠯᠵᠤ᠂ ᠺᠠᠳ᠋ᠷ ᠴᠠᠭᠳᠠᠭ᠎ᠠ ᠶᠢ ᠭᠠᠴᠠᠭ᠎ᠠ ᠲᠣᠰᠬᠤᠨ ᠳᠤ ᠰᠣᠩᠭᠤᠨ ᠣᠴᠢᠭᠤᠯᠵᠤ ᠬᠠᠤᠯᠢ | ᠲᠦᠷᠢᠮ ᠤᠨ ᠤᠬᠠᠭᠤᠯᠭ᠎ᠠ ᠶᠢ 121 ᠤᠳᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠳᠤ | ᠬᠤᠯᠪᠣᠭᠳᠠᠭᠰᠠᠨ ᠲᠤᠬᠠᠶ ᠶᠢᠨ ᠬᠥᠮᠦᠨ ᠤ ᠵᠠᠷᠭᠤ ᠶᠢᠨ ᠵᠠᠷᠤᠳᠠᠯ ᠢ 98 ᠬᠥᠮᠦᠨ ᠤᠳᠠᠭ᠎ᠠ ᠬᠠᠰᠤᠵᠤ ᠬᠡᠯᠲᠦᠷᠢᠭᠦᠯᠪᠡ | ᠃ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠺᠠᠳ᠋ᠷ ᠴᠠᠭᠳᠠᠭ᠎ᠠ ᠨᠠᠷ ᠵᠠᠷᠯᠢᠭ ᠢ | ᠰᠣᠨᠣᠰᠤᠮᠠᠭᠴᠠ ᠬᠥᠳᠡᠯᠦᠯᠴᠡᠵᠦ᠂ ᠡᠷᠦᠭᠡ ᠳᠠᠭᠠᠭᠠᠴᠢᠯᠠᠬᠤ ᠨᠡᠶᠢᠭᠡᠮ ᠲᠣᠭᠤᠷᠢᠭ ᠲᠤ ᠬᠦᠷᠴᠦ ᠵᠢᠵᠢᠭᠦᠷᠯᠡᠨ | ᠪᠠᠶᠢᠴᠠᠭᠠᠬᠤ ᠠᠵᠢᠯ ᠥᠷᠨᠢᠭᠦᠯᠵᠦ᠂ ᠡᠷᠦᠬᠡ ᠳᠠᠷᠠᠭᠠᠯᠠᠨ ᠤᠯᠠᠨ ᠲᠦᠮᠡᠨ ᠢ ᠳᠠᠶᠢᠴᠢᠯᠠᠨ᠂ ᠰᠢᠨ᠎ᠡ ᠪᠠᠷ ᠳᠡᠯᠭᠡᠷᠡᠭᠰᠡᠨ | ᠸᠠᠺᠼᠢᠨ ᠤ ᠲᠠᠷᠢᠯᠭ᠎ᠠ ᠬᠢᠯᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ | ᠭᠠᠷᠮᠠᠭᠠᠢ ᠪᠡᠶᠡᠯᠡᠭᠦᠯᠪᠡ᠃ | ︵ᠬᠤᠶᠠᠷ︶ ᠤᠯᠠᠨ ᠲᠦᠮᠡᠨ ᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡ | ᠬᠠᠤᠯᠢ ᠪᠠᠷᠢᠬᠤ ᠵᠣᠷᠢᠯᠲᠠ ᠶᠢ ᠴᠢᠷᠮᠠᠶᠢᠨ ᠦᠢᠯᠡᠳᠦᠯᠭᠡᠵᠢᠭᠦᠯᠪᠡ | ᠨᠢᠭᠡ ᠳᠤ᠂ ᠠᠷᠠᠳ ᠤᠨ ᠲᠥᠯᠥᠭᠡ ᠵᠣᠪᠠᠭᠤᠷᠢ ᠵᠦᠳᠡᠭᠦᠷᠢ ᠶᠢ ᠠᠷᠢᠯᠭᠠᠵᠤ ᠵᠢᠭᠤᠷᠠᠯᠳᠤᠭᠠᠨ ᠢ ᠰᠢᠢᠳᠪᠦᠷᠢᠯᠡᠵᠦ᠂ | ᠤᠯᠠᠨ ᠡᠰᠢᠲᠦ ᠵᠠᠷᠭᠤ ᠶᠢᠨ ᠦᠢᠯᠡᠴᠢᠯᠡᠭᠡ ᠬᠠᠩᠭᠠᠪᠠ᠃ ︽ᠨᠢᠭᠡ ᠯᠡ ᠥᠷᠲᠡᠭᠡᠨ ᠤ ᠬᠡᠯᠪᠡᠷᠢ︾ ᠶᠢᠨ ᠵᠠᠷᠭᠤ ᠶᠢᠨ | ᠦᠢᠯᠡᠴᠢᠯᠡᠭᠡᠨ ᠤ ᠲᠥᠪ ᠪᠦᠬᠦ ᠲᠠᠯ᠎ᠠ ᠪᠠᠷ ᠳᠡᠰ ᠳᠡᠪᠰᠢᠵᠦ᠂ ᠭᠠᠳᠠᠭᠠᠳᠤ ᠳᠤ ᠨᠠᠶᠢᠳᠠᠵᠤ ᠬᠢᠨᠠᠨ ᠲᠣᠭᠲᠠᠭᠠᠯᠭᠠᠬᠤ | ᠰᠢᠰᠲ᠋ᠧᠮ᠂ ᠰᠦᠯᠵᠢᠶᠡᠨ ᠳᠡᠭᠡᠷᠡᠬᠢ ᠡᠳ᠋ ᠬᠦᠷᠦᠩᠭᠡ ᠶᠢ ᠬᠠᠮᠠᠭᠠᠯᠠᠨ ᠬᠠᠳᠠᠭᠠᠯᠠᠬᠤ ᠰᠢᠰᠲ᠋ᠧᠮ᠂ ᠠᠷᠠᠳ ᠤᠨ ᠰᠢᠭᠦᠬᠦ | ᠬᠤᠷᠢᠶᠠᠨ ᠤ ᠡᠶᠡᠳᠡᠭᠦᠯᠬᠦ ᠲᠠᠪᠴᠠᠩ᠂ ᠬᠠᠤᠯᠢᠴᠢ ᠶᠢᠨ ᠰᠠᠭᠠᠳ ᠦᠭᠡᠢ ᠨᠡᠪᠲᠡᠷᠡᠬᠦ ᠵᠠᠮ ᠵᠡᠷᠭᠡ ᠰᠦᠯᠵᠢᠶᠡᠨ ᠤ | ᠲᠠᠪᠴᠠᠩ ᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠵᠢᠭᠤᠷᠠᠯᠳᠤᠭᠠᠨ ᠢ ᠠᠷᠢᠯᠭᠠᠬᠤ ᠪᠠ | ᠰᠦᠯᠵᠢᠶᠡᠨ ᠭᠠᠳᠠᠨᠠᠬᠢ ᠪᠣᠳᠠᠲᠤ ᠴᠣᠭᠴᠠᠲᠤ ᠲᠠᠰᠤᠯᠤᠨ ᠲᠣᠭᠲᠠᠭᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ | ᠪᠡᠶᠡᠯᠡᠭᠦᠯᠪᠡ᠃ ︽12368︾ ᠵᠠᠷᠭᠤ ᠶᠢᠨ ᠦᠢᠯᠡᠴᠢᠯᠡᠭᠡᠨ ᠤ ᠬᠠᠯᠠᠭᠤᠨ ᠤᠲᠠᠰᠤ ᠶᠢ ᠨᠢᠭᠡ | ᠴᠤᠭᠴᠠᠵᠢᠭᠤᠯᠤᠭᠰᠠᠨ ᠦᠢᠯᠡᠴᠢᠯᠡᠭᠡ ᠶᠢ ᠭᠠᠷᠭᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠬᠦᠯᠢᠶᠡᠨ | ᠰᠣᠨᠣᠰᠤᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠪᠡ᠃ | ᠬᠤᠶᠠᠷ ᠲᠤ᠂ ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠪᠠᠷᠢᠬᠤ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠣᠷᠣᠨ | ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠠᠵᠢᠯ ᠢ ᠢᠳᠡᠪᠬᠢᠲᠡᠶ ᠪᠠᠷ ᠥᠷᠨᠢᠭᠦᠯᠵᠦ᠂ ᠰᠦᠯᠵᠢᠶᠡᠨ ᠳᠡᠭᠡᠷ᠎ᠡ | ᠬᠡᠷᠡᠭ ᠪᠣᠯᠭᠠᠨ ᠳᠠᠩᠰᠠᠯᠠᠵᠤ ᠠᠷᠠᠳ ᠲᠤ ᠳᠦᠭᠦᠮ ᠦᠵᠡᠭᠦᠯᠬᠦ ︽ᠨᠢᠭᠡ ᠯᠡ ᠲᠣᠪᠴᠢ ᠶᠢᠨ ᠬᠡᠯᠪᠡᠷᠢ︾ ᠶᠢᠨ | ᠦᠢᠯᠡᠴᠢᠯᠡᠭᠡ ᠶᠢ ᠬᠡᠷᠡᠭᠵᠢᠭᠦᠯᠵᠡᠢ᠃ ︽ᠭᠡᠷ ᠤᠨ ᠡᠭᠦᠳᠡᠨ ᠳᠤ ᠵᠠᠭᠠᠯᠳᠤᠯᠭ᠎ᠠ ᠬᠢᠬᠦ︾ ᠰᠢᠨ᠎ᠡ ᠵᠠᠭᠪᠤᠷ ᠡᠭᠦᠳᠴᠦ᠂ | 24 ᠴᠠᠭ ᠤᠨ ᠥᠪᠡᠰᠦᠪᠡᠨ ᠦᠢᠯᠡᠴᠢᠯᠡᠬᠦ ᠵᠠᠷᠭᠤ ᠶᠢᠨ ᠦᠢᠯᠡᠴᠢᠯᠡᠭᠡᠨ ᠤ ᠦᠷᠳᠡᠭᠡ ᠶᠢ 1 ᠪᠠᠶᠢᠭᠤᠯᠵᠤ᠂ | ᠵᠠᠷᠭᠤ ᠶᠢᠨ ᠦᠢᠯᠡᠴᠢᠯᠡᠭᠡ ᠶᠢᠨ ︽ᠪᠦᠬᠦᠯᠢ ᠡᠳᠦᠷ︾ ᠢᠶᠠᠷ ᠡᠭᠦᠳᠡ ᠪᠠᠨ ᠬᠠᠭᠠᠬᠤ ᠦᠭᠡᠢ ᠪᠠᠶᠢᠬᠤ ᠶᠢ ᠪᠡᠶᠡᠯᠡᠭᠦᠯᠪᠡ | ᠃ ᠳᠥᠷᠪᠡᠨ ᠵᠢᠯ ᠤᠨ ᠲᠤᠷᠰᠢ᠂ 2702 ᠬᠡᠷᠡᠭ ᠢ ᠰᠦᠯᠵᠢᠶᠡᠨ ᠳᠡᠭᠡᠷ᠎ᠡ ᠬᠡᠷᠡᠭ ᠪᠣᠯᠭᠠᠨ ᠳᠡᠩᠰᠡᠯᠡᠵᠦ᠂ 16 | ᠬᠡᠷᠡᠭ ᠢ ᠣᠷᠣᠨ ᠪᠦᠰᠡ ᠠᠯᠤᠰᠯᠠᠨ ᠬᠡᠷᠡᠭ ᠪᠣᠯᠭᠠᠨ ᠳᠡᠩᠰᠡᠯᠡᠵᠦ᠂ ᠣᠯᠠᠨ ᠲᠦᠮᠡᠨ ᠤ ᠵᠠᠷᠭᠤ ᠬᠢᠬᠦ ᠨᠢ ᠬᠤᠯᠠ᠂ | ᠵᠠᠷᠭᠤ ᠬᠢᠬᠦ ᠳᠤ ᠬᠦᠴᠢᠷᠲᠡᠶ᠂ ᠵᠠᠷᠭᠤ ᠬᠢᠬᠦ ᠨᠢ ᠵᠦᠳᠡᠷᠡᠯ ᠲᠠᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠡᠢ | ᠃ | ᠭᠤᠷᠪᠠ ᠳᠤ᠂ ᠠᠷᠠᠳ ᠤᠨ ᠰᠢᠭᠦᠬᠦ ᠲᠢᠩᠬᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠷᠭᠤ ᠶᠢᠨ | ᠢᠷᠡᠯᠳᠡ ᠶᠢ ᠵᠠᠰᠠᠬᠤ ᠲᠣᠭᠲᠠᠴᠠ ᠶᠢ ᠪᠤᠢ ᠪᠤᠯᠭᠠᠪᠠ᠃ ᠲᠦᠷᠪᠡᠨ ᠵᠢᠯ ᠤᠨ ᠲᠤᠷᠰᠢ᠂ 5 ᠠᠷᠠᠳ ᠤᠨ ᠰᠢᠭᠦᠬᠦ | ᠲᠢᠩᠬᠢᠮ ᠡᠯ᠎ᠡ ᠲᠦᠷᠦᠯ ᠤᠨ ᠬᠡᠷᠡᠭ ᠢ ᠨᠡᠶᠢᠳᠡ 19371 ᠬᠦᠯᠢᠶᠡᠨ ᠠᠪᠴᠤ ᠰᠢᠢᠳᠪᠦᠷᠢᠯᠡᠵᠦ᠂ 19003 | ᠬᠡᠷᠡᠭ ᠢ ᠰᠢᠭᠦᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 98.10% ᠳᠤ ᠬᠦᠷᠴᠡᠶ᠃ ᠡᠯ᠎ᠡ | ᠠᠷᠠᠳ ᠤᠨ ᠰᠢᠭᠦᠬᠦ ᠲᠢᠩᠬᠢᠮ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠶ ᠣᠷᠣᠯᠴᠠᠵᠤ᠂ ︽ | ᠨᠢᠭᠡ ᠲᠢᠩᠬᠢᠮ ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠬᠦ︾᠂ ︽ᠲᠢᠩᠬᠢᠮ ᠲᠣᠪᠴᠢᠶ᠎ᠠ ᠣᠷᠣᠨ ᠪᠦᠰᠡ | ᠠᠯᠤᠰᠯᠠᠨ ᠬᠤᠯᠪᠣᠭᠠᠯᠠᠨ ᠬᠥᠳᠡᠯᠦᠯᠴᠡᠬᠦ︾᠂ ︽ᠪᠠᠯᠭᠠᠰᠤ ᠲᠢᠩᠬᠢᠮ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ︾ | ᠵᠡᠷᠭᠡ ᠬᠡᠯᠪᠡᠷᠢ ᠶᠢ ᠬᠡᠷᠡᠭᠯᠡᠵᠦ᠂ ᠶᠡᠭᠡ ᠬᠡᠮᠵᠢᠶᠡᠨ ᠤ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠪᠡ᠃ 2021 ᠣᠨ ᠤ 10 ᠰᠠᠷ᠎ᠠ ᠳᠤ᠂ 340 ᠲᠦᠮᠡᠨ ᠲᠥᠭᠦᠷᠢᠭ ᠤᠨ ᠪᠡᠯᠡ ᠮᠥᠩᠭᠦ | ᠴᠤᠭᠯᠠᠭᠤᠯᠵᠤ᠂ ᠰᠢᠭᠦᠬᠦ ᠲᠢᠩᠬᠢᠮ ᠤᠨ ᠬᠡᠷᠡᠭ ᠰᠢᠢᠳᠪᠦᠷᠢᠯᠡᠬᠦ ᠲᠥᠬᠦᠭᠡᠷᠦᠮᠵᠢ ᠶᠢ ᠰᠡᠯᠪᠢᠨ ᠵᠠᠰᠠᠬᠤ᠂ | ᠰᠢᠨᠡᠳᠬᠡᠬᠦ ᠳᠤ ᠬᠡᠷᠡᠭᠯᠡᠵᠦ᠂ ᠮᠠᠯᠴᠢᠨ ᠲᠠᠷᠢᠶᠠᠴᠢᠨ ᠤ ᠵᠠᠷᠭᠤ ᠬᠢᠬᠦ ᠣᠷᠴᠢᠨ ᠲᠣᠭᠤᠷᠢᠨ ᠪᠣᠯᠤᠨ ᠨᠥᠬᠦᠴᠡᠯ ᠢ | ᠶᠡᠬᠡᠪᠡᠷ ᠰᠠᠶᠢᠵᠢᠷᠠᠭᠤᠯᠪᠠ᠃ | ᠲᠦᠷᠪᠡ ᠳᠤ᠂ ᠤᠶᠤᠨᠲᠤ ᠰᠢᠭᠦᠬᠦ ᠬᠤᠷᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠯᠡ ᠪᠣᠯᠭᠠᠬᠤ ᠪᠠᠷ | ᠲᠥᠪ ᠭᠤᠤᠯᠴᠢ ᠶᠢ ᠠᠬᠢᠭᠤᠯᠬᠤ ᠪᠠᠷ ᠴᠢᠷᠮᠠᠶᠢᠪᠠ᠃ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠢ ᠭᠦᠢᠴᠡᠳ | ᠠᠰᠢᠭᠯᠠᠨ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠪᠠᠷ ᠭᠤᠶᠤᠴᠢᠯᠠᠬᠤ᠂ ᠰᠦᠯᠵᠢᠶᠡᠨ ᠳᠡᠭᠡᠷ᠎ᠡ | ᠵᠢᠭᠤᠷᠠᠯᠳᠤᠭᠠᠨ ᠢ ᠡᠶᠡᠳᠡᠭᠦᠯᠬᠦ᠂ ᠰᠦᠯᠵᠢᠶᠡᠨ ᠳᠡᠭᠡᠷ᠎ᠡ ᠳᠡᠭᠡᠭᠰᠢ ᠵᠠᠭᠠᠯᠳᠤᠬᠤ ᠶᠢ ᠡᠶᠡᠳᠡᠭᠦᠯᠬᠦ ᠶᠢ ᠵᠣᠯᠭᠠᠭᠤᠯᠬᠤ᠂ | ᠨᠢᠭᠡ ᠯᠡ ᠳᠡᠭᠡᠷ᠎ᠡ ᠬᠠᠤᠯᠢ ᠴᠠᠭᠠᠵᠠ ᠶᠢᠨ ᠨᠤᠲᠠᠯᠠᠯᠲᠠ ᠬᠢᠬᠦ᠂ ᠰᠢᠭᠦᠬᠦ ᠬᠤᠷᠢᠶ᠎ᠠ ᠠᠴᠠ ᠲᠤᠰᠬᠠᠶᠢᠯᠠᠨ ᠬᠦᠷᠭᠡᠵᠦ | ᠥᠭᠬᠦ ᠵᠡᠷᠭᠡ ︽ᠬᠡᠯᠬᠢᠶ᠎ᠡ︾ ᠦᠢᠯᠡᠴᠢᠯᠡᠭᠡ ᠶᠢ ᠲᠠᠰᠤᠷᠠᠯᠳᠠ ᠦᠭᠡᠢ ᠳᠡᠭᠦᠯᠳᠡᠷᠵᠢᠭᠦᠯᠪᠡ᠃ ᠲᠦᠷᠪᠡᠨ ᠵᠢᠯ ᠤᠨ | ᠲᠤᠷᠰᠢ᠂ ᠨᠡᠶᠢᠳᠡ 350 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠠᠷᠭᠤ ᠶᠢᠨ | ᠦᠢᠯᠡᠴᠢᠯᠡᠭᠡᠨ ᠤ ᠨᠢᠭᠡ ᠴᠣᠭᠴᠠᠲᠤ ᠮᠠᠰᠢᠨ᠂ ᠡᠯᠧᠺᠲᠷᠣᠨ ᠬᠦᠷᠭᠡᠯᠲᠡ ᠶᠢᠨ ᠲᠠᠪᠴᠠᠩ᠂ ᠲᠢᠩᠬᠢᠮ ᠤᠨ | ᠰᠢᠭᠦᠯᠲᠡ ᠶᠢᠨ ᠰᠢᠭᠤᠳ ᠨᠡᠪᠲᠡᠷᠡᠭᠦᠯᠭᠡ ᠶᠢᠨ ᠰᠢᠰᠲ᠋ᠧᠮ᠂ ᠰᠦᠯᠵᠢᠶᠡᠨ ᠳᠡᠭᠡᠷᠡᠬᠢ ᠠᠷᠠᠳ ᠤᠨ ᠡᠶᠡᠳᠡᠭᠦᠯᠭᠡ ᠶᠢᠨ | ᠦᠵᠦᠭᠦᠷ ᠵᠡᠷᠭᠡ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠬᠤᠳᠠᠯᠳᠤᠨ ᠠᠪᠬᠤ ᠳᠤ ᠬᠡᠷᠡᠭᠯᠡᠵᠦ᠂ ᠤᠯᠠᠨ | ᠲᠦᠮᠡᠨ ᠳᠤ ᠲᠦᠷᠭᠡᠨ ᠪᠥᠭᠡᠳ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ | ︵ᠭᠤᠷᠪᠠ︶ ᠰᠤᠷᠭᠠᠨ ᠬᠦᠮᠦᠵᠢᠯ ᠢ ᠴᠡᠭᠴᠡᠯᠡᠬᠦ ᠶᠢᠨ ᠲᠣᠭᠤᠷᠢᠨ ᠳᠤ ᠨᠢᠭᠲᠠ ᠤᠶᠠᠯᠳᠤᠵᠤ᠂ ᠶᠠᠰᠤ ᠶᠢ ᠨᠢ | ᠬᠤᠰᠤᠵᠤ ᠬᠤᠣᠷ ᠢ ᠨᠢ ᠲᠠᠶᠢᠯᠵᠤ ᠠᠷᠬᠠᠭ ᠭᠡᠮ ᠢ ᠨᠢ ᠵᠠᠰᠠᠪᠠ | ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠪᠠᠷ ᠨᠢᠭᠡᠳᠦᠭᠡᠷ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠤᠯᠴᠠᠯᠭ᠎ᠠ ᠬᠥᠮᠦᠵᠢᠯ ᠢ | ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠳᠡᠷᠭᠡᠳᠡᠬᠢ | ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠷᠭᠠᠨ ᠬᠦᠮᠦᠵᠢᠯ ᠤᠨ ᠡᠩᠨᠡᠭᠡ ᠶᠢ ᠰᠡᠷᠡᠮᠵᠢᠯᠡᠭᠦᠯᠵᠦ᠂ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠬᠦᠯᠦᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠲᠦᠷᠦ ᠶᠢᠨ ᠬᠤᠣᠷ | ᠨᠥᠯᠥᠭᠡ ᠶᠢ ᠠᠷᠢᠯᠭᠠᠬᠤ᠂ ᠤᠯᠤᠰ ᠲᠦᠷᠦ ᠶᠢᠨ ᠠᠮᠢ ᠠᠬᠤᠢ ᠶᠢ ᠰᠢᠯᠢᠳᠡᠭᠵᠢᠭᠦᠯᠬᠦ᠂ ᠰᠠᠬᠢᠯᠭ᠎ᠠ ᠪᠠᠲᠤ ᠣᠪᠣᠷ | ᠰᠤᠷᠲᠠᠯ ᠢ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃ | ᠨᠢᠭᠡ ᠳᠤ᠂ ᠨᠠᠮ ᠤᠨ ᠲᠡᠦᠬᠡ ᠶᠢᠨ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠦᠬᠡ ᠶᠢᠨ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾᠂ | ︽ᠮᠠᠤ ᠽᠧ ᠳ᠋ᠦᠩ ᠳ᠋ᠧᠩ ᠰᠢᠶᠤᠤ ᠫᠢᠩ ᠵᠢᠶᠠᠩ ᠽᠧ ᠮᠢᠨ ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠡᠦᠬᠡ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ ᠵᠠᠪᠠᠯ ᠰᠤᠷᠬᠤ ᠨᠣᠮ ᠤᠨ ᠭᠠᠷᠴᠠᠭ | ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ᠂ | ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ | ᠨᠠᠮ ᠤᠨ ᠲᠡᠥᠬᠡ ᠶᠢᠨ ᠰᠤᠷᠤᠯᠴᠠᠯᠭ᠎ᠠ ᠬᠦᠮᠦᠵᠢᠯ ᠢ127ᠤᠳᠠᠭ᠎ᠠ ᠦᠷᠨᠢᠭᠦᠯᠪᠡ᠃ ᠪᠦᠬᠦ ᠺᠠᠳ᠋ᠷ ᠴᠠᠭᠳᠠᠭ᠎ᠠ ᠶᠢ | ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ | ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠤᠢ ᠪᠣᠯᠭᠠᠵᠤ᠂ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠳᠣᠲᠣᠭᠠᠳᠤ ᠰᠡᠳᠬᠢᠯ ᠳᠤ ᠨᠢ ᠭᠦᠨ | ᠬᠠᠳᠠᠩᠰᠢᠭᠤᠯᠪᠠ᠃ | ᠬᠤᠶᠠᠷ ᠲᠤ᠂ ᠪᠠᠶᠢᠴᠠᠭᠠᠨ ᠵᠠᠯᠠᠷᠠᠭᠤᠯᠬᠤ ᠪᠠ ᠰᠡᠷᠡᠮᠵᠢᠯᠡᠭᠦᠯᠬᠦ ᠪᠠᠷ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠪᠠ᠃ | ᠲᠤᠰᠢᠶᠠᠨ ᠰᠢᠢᠳᠪᠦᠷᠢᠯᠡᠭᠰᠡᠨ᠂ ᠥᠪᠡᠷ ᠢᠶᠠᠨ ᠬᠦᠯᠢᠶᠡᠨ ᠠᠪᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ | ᠮᠡᠳᠡᠭᠦᠯᠦᠭᠰᠡᠨ ᠰᠦᠪᠡᠭᠴᠢ ᠶᠢ ᠨᠡᠶᠢᠳᠡ 224 ᠬᠤᠪᠢ ᠬᠢᠨᠠᠨ ᠪᠠᠶᠢᠴᠠᠭᠠᠵᠤ᠂ ᠬᠠᠤᠯᠢ ᠶᠢ ᠵᠥᠷᠢᠴᠡᠵᠦ ᠰᠠᠬᠢᠯᠭ᠎ᠠ | ᠪᠠᠲᠤ ᠶᠢ ᠵᠥᠷᠢᠴᠡᠭᠰᠡᠨ 30 ᠺᠠᠳ᠋ᠷ ᠴᠠᠭᠳᠠᠭ᠎ᠠ ᠶᠢ ᠪᠠᠶᠢᠴᠠᠭᠠᠨ ᠰᠢᠢᠳᠪᠦᠷᠢᠯᠡᠪᠡ᠃ ᠬᠦᠨᠳᠦ ᠶᠡᠭᠡ ᠨᠠᠮ ᠤᠨ | ᠰᠠᠬᠢᠯᠭ᠎ᠠ ᠪᠠᠲᠤ ᠶᠢᠨ ᠰᠢᠢᠳᠭᠡᠯ ᠣᠯᠤᠭᠰᠠᠨ 1 ᠰᠢᠭᠦᠬᠦ ᠲᠤᠰᠢᠶᠠᠯᠲᠠᠨ ᠢ ᠠᠯᠪᠠᠳᠠᠯᠭ᠎ᠠ ᠪᠠᠷ ᠰᠢᠭᠦᠬᠦ ᠲᠤᠰᠢᠶᠠᠯᠲᠠᠨ ᠤ | ᠣᠷᠣᠨ ᠲᠤᠭ᠎ᠠ ᠠᠴᠠ ᠭᠠᠷᠭᠠᠬᠤ ᠪᠠᠷ ᠰᠢᠢᠳᠪᠦᠷᠢᠯᠡᠪᠡ᠃ ᠳᠤᠷ᠎ᠠ ᠪᠠᠷ ᠢᠶᠠᠨ ᠦᠢᠯᠡᠳᠦᠭᠰᠡᠨ᠂ ᠤᠳᠠᠭᠠᠨ | ᠦᠢᠯᠡᠳᠦᠭᠰᠡᠨ ᠢᠶᠠᠷ ᠰᠡᠵᠢᠭᠯᠡᠭᠳᠡᠭᠰᠡᠨ 2 ᠰᠢᠭᠦᠬᠦ ᠲᠤᠰᠢᠶᠠᠯᠲᠠᠨ ᠢ ᠲᠤᠰᠢᠶᠠᠯ ᠠᠴᠠ ᠨᠢ ᠵᠣᠭᠰᠣᠭᠠᠵᠤ ᠰᠢᠪᠠᠳᠠᠨ | ᠪᠠᠶᠢᠴᠠᠭᠠᠵᠤ ᠪᠠᠶᠢᠴᠠᠭᠠᠬᠤ ᠶᠢ ᠬᠦᠯᠢᠶᠡᠯᠭᠡᠬᠦ ᠪᠠᠷ ᠰᠢᠢᠳᠪᠦᠷᠢᠯᠡᠪᠡ᠃ ᠵᠧᠦ ᠱᠤᠤ ᠺᠠᠢ᠂ ᠵᠠᠩ ᡁᠢ ᠵᠢᠶᠦ᠋ᠨ ᠵᠢᠴᠢ | ᠪᠤᠰᠤᠳ ᠪᠠᠶᠢᠴᠠᠭᠠᠨ ᠰᠢᠢᠳᠪᠦᠷᠢᠯᠡᠭᠰᠡᠨ ᠺᠠᠳ᠋ᠷ ᠴᠠᠭᠳᠠᠭ᠎ᠠ ᠳᠤ ᠰᠢᠢᠳᠭᠡᠯ ᠥᠭᠬᠦ ᠲᠣᠭᠲᠠᠭᠠᠯ ᠢ ᠨᠡᠶᠢᠲᠡᠯᠡᠬᠦ ᠪᠠᠷ | ᠳᠠᠮᠵᠢᠭᠤᠯᠤᠨ᠂ ᠳᠡᠷᠭᠡᠳᠡᠬᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠢᠶᠠᠷ ᠡᠰᠡᠷᠭᠦ | ᠲᠠᠯ᠎ᠠ ᠶᠢᠨ ᠵᠢᠭᠠᠬᠤ ᠮᠠᠲ᠋ᠧᠷᠢᠶᠠᠯ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ ᠰᠤᠷᠭᠠᠨ | ᠬᠦᠮᠦᠵᠢᠯ ᠤᠨ ᠶᠡᠭᠡ ᠬᠤᠷᠠᠯ ᠢ ᠤᠷᠢᠳ ᠬᠤᠵᠢᠳ 19 ᠤᠳᠠᠭ᠎ᠠ ᠬᠤᠷᠠᠯᠳᠤᠭᠤᠯᠵᠤ᠂ ᠪᠦᠬᠦ ᠺᠠᠳ᠋ᠷ ᠴᠠᠭᠳᠠᠭ᠎ᠠ ᠶᠢ ︽ | ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ︽ᠤᠯᠠᠭᠠᠨ ᠱᠤᠭᠤᠮ︾ ᠢ ᠭᠢᠰᠬᠢᠬᠦ ᠦᠭᠡᠢ ᠪᠠᠶᠢᠵᠤ᠂ ᠠᠷᠢᠭᠤᠨ | ᠴᠢᠬᠡᠴᠢ ᠪᠠᠷ ᠬᠠᠤᠯᠢ ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ ᠭᠡᠵᠦ ᠰᠢᠪᠠᠳᠠᠨ | ᠱᠠᠭᠠᠷᠳᠠᠪᠠ᠃ | ᠭᠤᠷᠪᠠ ᠳᠤ᠂ ᠬᠡᠷᠡᠭ ᠢ ᠰᠢᠢᠳᠪᠦᠷᠢᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠪᠠ᠃ ︽ᠬᠤᠣᠷ ᠨᠥᠯᠥᠭᠡ ᠶᠢ ᠠᠷᠢᠯᠭᠠᠨ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠭᠤ ᠨᠥᠯᠥᠭᠡ ᠶᠢ ᠪᠦᠬᠦ ᠲᠠᠯ᠎ᠠ ᠪᠠᠷ ᠠᠷᠢᠯᠭᠠᠪᠠ᠃ ᠰᠢᠭᠦᠨ ᠲᠠᠰᠤᠯᠬᠤ | ᠶᠠᠪᠤᠴᠠ ᠶᠢᠨ ᠬᠠᠮᠢᠶᠠᠷᠤᠯᠲᠠ᠂ ᠭᠦᠢᠴᠡᠳᠬᠡᠬᠦ ᠲᠣᠭᠲᠠᠴᠠ ᠶᠢᠨ ᠥᠭᠡᠷᠡᠴᠢᠯᠡᠯᠲᠡ᠂ ᠬᠠᠤᠯᠢ ᠶᠢᠨ ᠲᠤᠰᠢᠶᠠᠯᠲᠠᠨ ᠤ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠵᠠᠷᠤᠳᠠᠯ ᠤᠨ ᠪᠠᠲᠤᠯᠠᠭ᠎ᠠ ᠳᠤ ᠬᠢᠨᠠᠯᠲᠠ ᠲᠠᠯᠪᠢᠬᠤ ᠵᠡᠷᠭᠡ | ᠭᠤᠣᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠳᠦᠷᠢᠮ ᠪᠠ ᠠᠷᠭ᠎ᠠ ᠬᠡᠮᠵᠢᠶ᠎ᠡ ᠶᠢ | ᠲᠣᠭᠲᠠᠭᠠᠨ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠳᠦᠷᠢᠮᠵᠢᠭᠦᠯᠬᠦ᠂ | ᠪᠠᠶᠢᠩᠭᠤᠵᠢᠭᠤᠯᠬᠤ ᠶᠢ ᠲᠦᠯᠬᠢᠨ ᠠᠬᠢᠭᠤᠯᠪᠠ᠃ ᠰᠢᠭᠦᠬᠦ ᠬᠤᠷᠢᠶᠠᠨ ᠤ ᠰᠢᠪᠠᠳᠠᠨ ᠪᠠᠶᠢᠴᠠᠭᠠᠬᠤ ᠰᠠᠯᠠᠭ᠎ᠠ ᠮᠥᠴᠢᠷ | ᠪᠠ ᠠᠵᠢᠯᠳᠠᠨ ᠢ ᠴᠢᠩᠭ᠎ᠠ ᠲᠣᠬᠢᠷᠠᠭᠤᠯᠵᠤ᠂ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠦᠨ᠂ | ᠰᠢᠭᠦᠬᠦ ᠶᠠᠪᠤᠳᠠᠯ ᠢ ᠰᠢᠪᠠᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢ | ᠬᠡᠷᠡᠭᠵᠢᠭᠦᠯᠬᠦ ᠳᠤ ᠠᠭᠤᠵᠢᠭᠤ᠂ ᠰᠤᠯᠠ᠂ ᠵᠥᠭᠡᠯᠡᠨ ᠪᠠᠶᠢᠬᠤ ᠦᠵᠡᠭᠳᠡᠯ ᠢ ᠴᠢᠩᠭ᠎ᠠ ᠠᠩᠬᠠᠷᠪᠠ᠃ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ︾ ᠶᠠᠷᠢᠯᠴᠠᠬᠤ ᠬᠤᠷᠠᠯ ᠢ ᠬᠤᠷᠠᠯᠳᠤᠭᠤᠯᠵᠤ | ᠂ ᠡᠯ᠎ᠡ ᠡᠲᠡᠭᠡᠳ ᠤᠨ ᠲᠥᠯᠥᠭᠡᠯᠡᠭᠴᠢᠳ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ᠡᠮᠨᠡᠯᠭᠡ ᠶᠢᠨ ᠬᠤᠷᠢᠶ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠴᠢᠩᠭ᠎ᠠ | ᠵᠠᠰᠠᠬᠤ ᠶᠢ ᠨᠢᠭᠡ ᠴᠤᠭᠴᠠᠵᠢᠭᠤᠯᠤᠨ ᠠᠬᠢᠭᠤᠯᠪᠠ᠃ | ︵ᠲᠦᠷᠪᠡ︶ ᠢᠯᠡ ᠪᠠᠷ ᠬᠠᠤᠯᠢ ᠪᠠᠷᠢᠬᠤ ᠲᠠᠢ ᠨᠢᠭᠲᠠ ᠤᠶᠠᠯᠳᠤᠭᠤᠯᠤᠨ᠂ ᠡᠯ᠎ᠡ ᠡᠲᠡᠭᠡᠳ ᠤᠨ ᠬᠢᠨ ᠤ | ᠬᠢᠨᠠᠯᠲᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠪᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠡᠯ᠎ᠡ ᠲᠥᠯᠥᠭᠡᠯᠡᠭᠴᠢᠳ᠂ ᠭᠡᠰᠢᠭᠦᠳ ᠲᠠᠢ ᠬᠠᠷᠢᠯᠴᠠᠬᠤ ᠠᠵᠢᠯ ᠢ ᠬᠢᠨᠠᠮᠠᠭᠠᠶ | ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠤᠷᠢᠵᠤ ᠡᠮᠨᠡᠯᠭᠡ ᠶᠢᠨ ᠬᠤᠷᠢᠶᠠᠨ ᠳᠤ ᠣᠴᠢᠭᠤᠯᠤᠨ ᠶᠠᠷᠢᠯᠴᠠᠭᠤᠯᠵᠤ᠂ ᠲᠢᠩᠬᠢᠮ ᠤᠨ | ᠰᠢᠭᠦᠯᠲᠡ ᠶᠢ ᠲᠣᠭᠤᠷᠢᠨ ᠦᠵᠡᠵᠦ᠂ ᠭᠦᠢᠴᠡᠳᠬᠡᠬᠦ ᠶᠢ ᠭᠡᠷᠡᠴᠢᠯᠡᠵᠦ᠂ ᠲᠥᠯᠥᠭᠡᠯᠡᠭᠴᠢᠳ᠂ ᠭᠡᠰᠢᠭᠦᠳ ᠤᠨ | ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠬᠦ ᠳᠤ ᠴᠢᠷᠮᠠᠶᠢᠨ ᠨᠥᠬᠦᠴᠡᠯ ᠪᠦᠷᠢᠯᠳᠦᠭᠦᠯᠵᠦ ᠥᠭᠪᠡ᠃ | ᠲᠥᠯᠥᠭᠡᠯᠡᠭᠴᠢ ᠭᠡᠰᠢᠭᠦᠳ ᠤᠨ ᠳᠤᠷᠠᠳᠤᠭᠰᠠᠨ ᠰᠠᠨᠠᠭᠤᠯᠭ᠎ᠠ᠂ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠩᠬᠠᠷᠴᠤ ᠪᠠᠶᠢᠭ᠎ᠠ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠪᠡ᠃ ᠲᠦᠷᠪᠡᠨ ᠵᠢᠯ ᠤᠨ ᠲᠤᠷᠰᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠭᠡᠷᠡᠴᠢᠯᠡᠭᠡ ᠰᠣᠨᠣᠰᠤᠭᠤᠯᠵᠤ᠂ | ᠶᠠᠷᠢᠯᠴᠠᠭᠤᠯᠵᠤ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠤᠭᠤᠯᠤᠭᠰᠠᠨ ᠬᠥᠮᠦᠨ ᠤᠳᠠᠭ᠎ᠠ ᠨᠡᠶᠢᠳᠡ322 | ᠬᠥᠮᠦᠨ ᠤᠳᠠᠭ᠎ᠠ ᠬᠦᠷᠴᠡᠶ᠃ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠵᠠᠭᠤᠴᠢᠯᠠᠭᠤᠷ ᠯᠤᠭ᠎ᠠ ᠶᠢᠨ | ᠨᠡᠪᠲᠡᠷᠡᠯᠴᠡᠭᠡ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ | ᠨᠡᠶᠢᠲᠡᠯᠡᠵᠦ᠂ ᠬᠠᠤᠯᠢ ᠴᠠᠭᠠᠵᠠ ᠶᠢ ᠢᠯᠡ ᠪᠣᠯᠭᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ ᠲᠦᠷᠪᠡᠨ | ᠵᠢᠯ ᠤᠨ ᠲᠤᠷᠰᠢ᠂ ᠠᠯᠪᠠᠨ ᠤ ᠰᠦᠯᠵᠢᠶᠡᠨ ᠦᠷᠳᠡᠭᠡ᠂ ᠪᠢᠴᠢᠯ ᠪᠯᠤᠭ᠂ ᠸᠢᠴᠠᠲ ᠤᠨ ᠤᠯᠠᠨ ᠨᠡᠶᠢᠲᠡ ᠶᠢᠨ | ᠳ᠋ᠤᠭᠠᠷ ᠲᠤ 455 ᠵᠤᠷᠪᠤᠰ ᠮᠡᠳᠡᠭᠡ ᠵᠠᠩᠭᠢ ᠶᠢ ᠨᠡᠶᠢᠲᠡᠯᠡᠵᠦ᠂ 4399 ᠬᠤᠪᠢ ᠬᠡᠷᠡᠭ ᠤᠨ ᠲᠢᠩᠬᠢᠮ ᠤᠨ | ᠰᠢᠭᠦᠯᠲᠡ ᠶᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ᠂ 23329 ᠬᠤᠪᠢ ᠲᠠᠰᠤᠯᠤᠨ ᠲᠣᠭᠲᠠᠭᠠᠯᠲᠠ ᠶᠢᠨ | ᠪᠢᠴᠢᠭ ᠬᠠᠷ᠎ᠠ ᠶᠢ ᠢᠯᠡ ᠪᠣᠯᠭᠠᠪᠠ᠃ | ︵ᠲᠠᠪᠤ︶ ᠲᠥᠪ ᠭᠤᠣᠯᠴᠢ ᠪᠠᠷ ᠬᠠᠤᠯᠢ ᠪᠠᠷᠢᠬᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠲᠠᠢ ᠨᠢᠭᠲᠠ ᠤᠶᠠᠯᠳᠤᠭᠤᠯᠪᠠ᠃ | ᠲᠦᠷᠪᠡᠨ ᠵᠢᠯ ᠤᠨ ᠲᠤᠷᠰᠢ᠂ ᠡᠯ᠎ᠡ ᠲᠦᠷᠦᠯ ᠤᠨ ᠬᠡᠷᠡᠭ ᠢ ᠨᠡᠶᠢᠳᠡ 37744 ᠬᠤᠪᠢ ᠬᠦᠯᠢᠶᠡᠨ ᠠᠪᠴᠤ | ᠰᠢᠢᠳᠪᠦᠷᠢᠯᠡᠵᠦ᠂ 36559 ᠬᠤᠪᠢ ᠬᠡᠷᠡᠭ ᠢ ᠰᠢᠭᠦᠵᠦ ᠭᠦᠢᠴᠡᠳᠬᠡᠨ ᠳᠠᠭᠤᠰᠬᠠᠵᠤ᠂ ᠰᠢᠭᠦᠵᠦ ᠳᠠᠭᠤᠰᠬᠠᠭᠰᠠᠨ | ᠨᠤᠷᠮ᠎ᠠ ᠨᠢ 96.86% ᠳᠤ ᠬᠦᠷᠴᠡᠶ᠃ | ᠨᠢᠭᠡ ᠳᠤ᠂ ᠡᠷᠡᠭᠦᠦ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠭᠡᠮ ᠤᠨ | ᠲᠣᠭᠲᠠᠭᠤᠨ ᠪᠠᠶᠢᠳᠠᠯ ᠢ ᠬᠦᠴᠦᠯᠡᠨ ᠬᠠᠮᠠᠭᠠᠯᠠᠪᠠ᠃ ᠲᠦᠷᠪᠡᠠ ᠵᠢᠯ ᠤᠨ ᠲᠤᠷᠰᠢ᠂ ᠡᠯ᠎ᠡ ᠲᠦᠷᠦᠯ ᠤᠨ ᠡᠷᠡᠭᠦᠦ ᠶᠢᠨ | ᠬᠡᠷᠡᠭ ᠢ ᠨᠡᠶᠢᠳᠠ 1544 ᠬᠤᠪᠢ ᠬᠦᠯᠢᠶᠡᠠ ᠠᠪᠴᠤ ᠰᠢᠢᠳᠪᠦᠷᠢᠯᠡᠵᠦ᠂ 1497 ᠬᠤᠪᠢ ᠶᠢ ᠨᠢ ᠰᠢᠭᠦᠨ | ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ 96.96% ᠳᠤ ᠬᠦᠷᠴᠦ᠂ 1470 ᠶᠡᠯᠡᠳᠡᠠ ᠢ ᠰᠢᠭᠦᠨ | ᠰᠢᠢᠳᠭᠡᠪᠡ᠃ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾᠂ ᠠᠶᠤᠯᠲᠠᠶ ᠪᠠᠷ | ᠲᠡᠷᠭᠡ ᠵᠢᠯᠣᠭᠤᠳᠤᠭᠰᠠᠨ ᠵᠡᠷᠭᠡ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠬᠠᠷᠰᠢᠯᠠᠭᠰᠠᠨ᠂ ᠤᠯᠡᠠ | ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ 981 ᠶᠠᠯᠠᠲᠤ ᠬᠡᠷᠡᠭ ᠢ ᠰᠢᠭᠦᠨ | ᠳᠠᠭᠤᠰᠬᠠᠪᠠ᠃ ᠵᠣᠷᠢᠭᠤᠳᠠ ᠭᠡᠮᠲᠦᠭᠡᠭᠰᠡᠨ᠂ ᠤᠤᠯᠭᠠᠯᠠᠭᠰᠠᠨ᠂ ᠨᠥᠵᠢᠳᠯᠡᠭᠰᠡᠨ ᠵᠡᠷᠭᠡ ᠬᠥᠮᠦᠨ ᠤ ᠪᠡᠶ᠎ᠡ ᠶᠢᠨ | ᠠᠮᠤᠷ ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ 127 ᠬᠡᠷᠡᠭ ᠤᠨ 143 | ᠬᠥᠮᠦᠨ ᠢ ᠰᠢᠭᠦᠨ ᠳᠠᠭᠤᠰᠬᠠᠵᠤ᠂ ︽ᠬᠤᠶᠠᠷ ᠢ ᠪᠤᠯᠢᠶᠠᠵᠤ ᠨᠢᠭᠡ ᠶᠢ ᠬᠤᠯᠠᠭᠠᠶᠢᠯᠠᠭᠰᠠᠨ︾ ᠵᠡᠷᠭᠡ ᠠᠷᠠᠳ | ᠢᠷᠭᠡᠨ ᠤ ᠡᠳ᠋ ᠬᠦᠷᠦᠩᠭᠡ ᠳᠤ ᠬᠠᠤᠯᠢ ᠪᠤᠰᠤ ᠪᠠᠷ ᠬᠠᠯᠳᠠᠭᠰᠠᠨ 73 ᠬᠡᠷᠡᠭ ᠤᠨ 105 ᠬᠥᠮᠦᠨ ᠢ ᠰᠢᠭᠦᠨ | ᠳᠠᠭᠤᠰᠬᠠᠪᠠ᠃ ᠡᠷᠡᠰ ᠢᠶᠠᠷ ︽ᠪᠠᠷᠰ ᠢᠯᠠᠭ᠎ᠠ ᠶᠢ ᠴᠣᠬᠢᠵᠤ︾᠂ ᠬᠤᠷᠴᠠ ᠢᠷ ᠢᠶᠠᠷ ᠢᠯᠵᠠᠷᠠᠯ ᠢ ᠡᠰᠡᠷᠭᠦᠴᠡᠵᠦ᠂ | ᠱᠠᠮᠰᠢᠭᠰᠠᠨ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠲᠤᠰᠢᠶᠠᠯ ᠢᠶᠠᠨ ᠭᠤᠲᠤᠭᠠᠭᠰᠠᠨ ᠵᠡᠷᠭᠡ 39 ᠬᠡᠷᠡᠭ ᠢ | ᠰᠢᠭᠦᠨ ᠳᠠᠭᠤᠰᠬᠠᠪᠠ᠃ | ᠬᠤᠶᠠᠷ ᠲᠤ᠂ ᠢᠷᠭᠡᠨ ᠤ ᠪᠠ ᠬᠤᠳᠠᠯᠳᠤᠭᠠᠨ ᠤ ᠬᠡᠷᠡᠭ ᠢ ᠲᠥᠪ ᠭᠤᠣᠯᠴᠢ ᠪᠠᠷ ᠰᠢᠭᠦᠨ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠪᠠᠲᠤᠯᠠᠪᠠ᠃ ᠲᠦᠷᠪᠡᠨ ᠵᠢᠯ ᠤᠨ ᠲᠤᠷᠰᠢ᠂ 21887 | ᠬᠤᠪᠢ ᠢᠷᠭᠡᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 21446 ᠬᠡᠷᠡᠭ ᠢ ᠰᠢᠭᠦᠨ ᠳᠠᠭᠤᠰᠬᠠᠵᠤ᠂ | ᠰᠢᠭᠦᠵᠦ ᠳᠠᠭᠤᠰᠬᠠᠭᠰᠠᠨ ᠨᠤᠷᠮ᠎ᠠ ᠨᠢ 97.99% ᠳᠤ ᠬᠦᠷᠴᠡᠶ᠃ ᠤᠷᠤᠭ ᠤᠨ ᠶᠠᠪᠤᠳᠠᠯ᠂ ᠥᠪ ᠵᠠᠯᠭᠠᠮᠵᠢᠯᠠᠬᠤ᠂ | ᠠᠰᠠᠷᠠᠨ ᠲᠡᠵᠢᠭᠡᠬᠦ᠂ ᠠᠴᠢᠯᠠᠨ ᠲᠡᠵᠢᠭᠡᠬᠦ ᠵᠡᠷᠭᠡ ᠭᠡᠷ ᠤᠨ ᠶᠠᠪᠤᠳᠠᠯ ᠤᠨ ᠬᠡᠷᠡᠭ ᠢ 2637 ᠬᠤᠪᠢ ᠰᠢᠭᠦᠨ | ᠳᠠᠭᠤᠰᠬᠠᠵᠤ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ | ᠵᠢᠭᠤᠷᠠᠯᠳᠤᠭᠠᠨ ᠤ ᠬᠡᠷᠡᠭ ᠢ 309 ᠬᠤᠪᠢ ᠰᠢᠭᠦᠨ ᠳᠠᠭᠤᠰᠬᠠᠵᠤ᠂ ᠲᠠᠷᠢᠶᠠᠴᠢᠳ ᠤᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠡᠷᠬᠡ ᠪᠠ ᠬᠡᠷᠡᠭᠯᠡᠬᠦ ᠡᠷᠬᠡ ᠶᠢ ᠦᠨᠡᠨ ᠬᠦ ᠬᠠᠮᠠᠭᠠᠯᠠᠪᠠ᠃ ᠬᠥᠳᠡᠯᠮᠦᠷᠢ ᠶᠢᠨ ᠮᠠᠷᠭᠤᠯᠳᠤᠭᠠᠨ ᠤ | ᠬᠡᠷᠡᠭ ᠢ 140 ᠬᠤᠪᠢ ᠰᠢᠭᠦᠨ ᠳᠠᠭᠤᠰᠬᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤ ᠪᠠᠷ ︽ | ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠪᠠ ᠵᠠᠷᠭᠤ ᠶᠢ ᠵᠣᠯᠭᠠᠭᠤᠯᠬᠤ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ | ᠲᠡᠰᠦᠯᠦᠨ ᠰᠢᠭᠦᠬᠦ ᠶᠢ ᠵᠣᠯᠭᠠᠭᠤᠯᠬᠤ ᠠᠵᠢᠯ ᠢ ᠴᠢᠩᠭᠠᠳᠬᠠᠪᠠ᠃ | ᠭᠤᠷᠪᠠ ᠳᠤ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠵᠠᠰᠠᠭ | ᠵᠠᠬᠢᠷᠭᠠᠨ ᠤ ᠮᠠᠷᠭᠤᠯᠳᠤᠭᠠᠨ ᠢ ᠲᠣᠬᠢᠲᠠᠶ ᠰᠢᠢᠳᠪᠦᠷᠢᠯᠡᠪᠡ᠃ ᠲᠦᠷᠪᠡᠠ ᠵᠢᠯ ᠤᠨ ᠲᠤᠷᠰᠢ᠂ ᠡᠯ᠎ᠡ ᠲᠦᠷᠦᠯ ᠤᠨ | ᠵᠠᠰᠠᠭ ᠵᠠᠬᠢᠷᠭᠠᠨ ᠤ ᠮᠠᠷᠭᠤᠯᠳᠤᠭᠠᠨ ᠢ ᠨᠡᠶᠢᠳᠠ 214 ᠬᠤᠪᠢ ᠬᠦᠯᠢᠶᠡᠠ ᠠᠪᠴᠤ ᠰᠢᠢᠳᠪᠦᠷᠢᠯᠡᠵᠦ᠂ 205 | ᠬᠤᠪᠢ ᠶᠢ ᠨᠢ ᠰᠢᠭᠦᠨ ᠳᠠᠭᠤᠰᠬᠠᠵᠤ᠂ ᠬᠡᠷᠡᠭ ᠢ ᠳᠠᠭᠤᠰᠬᠠᠭᠰᠠᠨ ᠨᠤᠷᠮ᠎ᠠ 95.79% ᠳᠤ ᠬᠦᠷᠴᠡᠶ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠣᠭᠲᠠᠴᠠ ᠶᠢ | ᠲᠦᠯᠬᠢᠨ ᠠᠬᠢᠭᠤᠯᠵᠤ᠂ ᠰᠢᠭᠦᠯᠲᠡ ᠳᠤ ᠣᠷᠣᠯᠴᠠᠭᠰᠠᠨ ᠨᠤᠷᠮ᠎ᠠ100% ᠬᠦᠷᠴᠡᠢ᠃ ᠵᠠᠰᠠᠭ ᠵᠠᠬᠢᠷᠭᠠᠨ ᠤ | ᠵᠠᠷᠭᠤ ᠶᠢᠨ ᠪᠤᠰᠤ ᠬᠢᠨᠠᠨ ᠪᠠᠶᠢᠴᠠᠭᠠᠯᠲᠠ ᠶᠢᠨ 119 ᠬᠡᠷᠡᠭ ᠢ ᠰᠢᠢᠳᠪᠦᠷᠢᠯᠡᠨ ᠳᠠᠭᠤᠰᠬᠠᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠴᠢᠭᠯᠡᠭᠦᠯᠦᠨ᠂ 37 ᠬᠤᠪᠢ ᠬᠠᠤᠯᠢ ᠴᠠᠭᠠᠵᠠ ᠶᠢᠨ | ᠰᠠᠨᠠᠭᠤᠯᠭ᠎ᠠ ᠳᠤᠷᠠᠳᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ | ᠳᠦᠷᠪᠡ ᠳᠤ᠂ ᠭᠦᠢᠴᠡᠳᠬᠡᠬᠦ ᠥᠭᠡᠷᠡᠴᠢᠯᠡᠯᠲᠡ ᠶᠢ ᠢᠳᠡᠪᠬᠢᠲᠡᠶ ᠪᠠᠷ ᠳᠦᠯᠬᠢᠨ ᠠᠬᠢᠭᠤᠯᠵᠤ᠂ ᠭᠦᠢᠴᠡᠳᠬᠡᠬᠦ | ᠪᠡᠷᠬᠡ ᠰᠡᠳᠦᠪ ᠢ ᠳᠠᠰᠤᠷᠠᠯᠳᠠ ᠦᠬᠡᠢ ᠰᠢᠢᠳᠪᠦᠷᠢᠯᠡᠪᠡ᠃ ᠲᠦᠷᠪᠡᠨ ᠵᠢᠯ ᠤᠨ ᠲᠤᠷᠰᠢ᠂ ᠨᠡᠶᠢᠳᠡ 13677 | ᠭᠦᠢᠴᠡᠳᠬᠡᠬᠦ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 13000 ᠬᠡᠷᠡᠭ ᠢ ᠭᠦᠢᠴᠡᠳᠬᠡᠨ ᠳᠠᠭᠤᠰᠬᠠᠵᠤ᠂ | ᠭᠦᠢᠴᠡᠳᠬᠡᠨ ᠳᠠᠭᠤᠰᠬᠠᠭᠰᠠᠨ ᠨᠤᠷᠮ᠎ᠠ 95.05% ᠳᠤ ᠬᠦᠷᠴᠦ᠂ ᠭᠦᠢᠴᠡᠳᠬᠡᠨ ᠳᠠᠭᠤᠰᠬᠠᠭᠰᠠᠨ ᠨᠤᠷᠮ᠎ᠠ 3. | 88 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠶᠢᠴᠠᠭᠠᠨ ᠡᠵᠡᠮᠳᠡᠬᠦ ᠰᠢᠰᠲ᠋ᠧᠮ ᠢ ᠭᠦᠢᠴᠡᠳᠬᠡᠬᠦ ᠪᠠᠷ | ᠳᠠᠮᠵᠢᠭᠤᠯᠤᠨ 2.6 ᠲᠦᠮᠡ ᠭᠠᠷᠤᠶ ᠤᠳᠠᠭ᠎ᠠ ᠴᠡᠪᠳᠡᠭᠯᠡᠵᠦ᠂ 8000 ᠭᠠᠷᠤᠶ ᠤᠳᠠᠭ᠎ᠠ ᠰᠠᠭᠤᠯᠭᠠᠨ ᠬᠠᠰᠤᠵᠤ᠂ | ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ 2633 ᠬᠥᠮᠦᠨ ᠤᠳᠠᠭ᠎ᠠ ᠨᠡᠶᠢᠲᠡᠯᠡᠵᠦ᠂ ᠥᠨᠳᠥᠷ | ᠬᠡᠷᠡᠭᠯᠡᠭᠡ ᠶᠢ 9284 ᠬᠥᠮᠦᠨ ᠤᠳᠠᠭ᠎ᠠ ᠬᠢᠵᠠᠭᠠᠷᠯᠠᠵᠤ᠂ ᠬᠦᠴᠦᠨ ᠲᠠᠢ ᠲᠠᠰᠤᠯᠤᠯᠲᠠ ᠶᠢ ᠭᠦᠢᠴᠡᠳᠬᠡᠬᠦ ᠶᠢ | ᠲᠡᠪᠴᠢᠭᠰᠡᠨ 263 ᠲᠤᠬᠠᠶ ᠶᠢᠨ ᠬᠥᠮᠦᠨ ᠳᠤ ᠲᠦᠷ ᠬᠤᠷᠢᠬᠤ᠂ ᠵᠣᠭᠤᠰ ᠢᠶᠠᠷ ᠲᠣᠷᠭᠠᠬᠤ ᠠᠷᠭ᠎ᠠ ᠬᠡᠮᠵᠢᠶ᠎ᠡ | ᠠᠪᠴᠤ᠂ ᠡᠭᠦᠷᠭᠡ ᠭᠦᠢᠴᠡᠳᠬᠡᠭᠰᠡᠨ 4954 ᠲᠤᠬᠠᠶ ᠶᠢᠨ ᠬᠥᠮᠦᠨ ᠤ ᠬᠢᠵᠠᠭᠠᠷᠯᠠᠯ ᠢ ᠴᠠᠭ ᠲᠣᠬᠠᠢ ᠳᠤ ᠨᠢ | ᠬᠦᠴᠦᠨ ᠦᠭᠡᠢ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠪᠠ᠃ | 2021 ᠣᠨ ᠳᠤ 9917 ᠡᠯ᠎ᠡ ᠲᠦᠷᠦᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 10264 | ᠬᠡᠷᠡᠭ ᠢ ᠰᠢᠭᠦᠵᠦ ᠭᠦᠢᠴᠡᠳᠬᠡᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠤᠷᠮ᠎ᠠ ᠨᠢ103.5% ᠳᠤ ᠬᠦᠷᠴᠦ᠂ | ᠬᠠᠤᠯᠢ ᠶᠢᠨ ᠲᠤᠰᠢᠶᠠᠯᠲᠠᠨ ᠬᠥᠮᠦᠨ ᠪᠦᠷᠢ ᠳᠤ ᠳᠤᠮᠳᠠᠴᠢ ᠪᠠᠷ 293 ᠬᠡᠷᠡᠭ ᠢ ᠰᠢᠢᠳᠪᠦᠷᠢᠯᠡᠪᠡ᠃ 2018 | ᠣᠨ ᠤ ᠬᠢ ᠲᠠᠢ ᠬᠠᠷᠢᠴᠠᠭᠤᠯᠪᠠᠯ᠂ ᠭᠥᠯᠢᠶᠡᠨ ᠠᠪᠴᠤ ᠰᠢᠢᠳᠪᠦᠷᠢᠯᠡᠭᠰᠡᠨ ᠬᠡᠷᠡᠭ ᠨᠢ ᠠᠳᠠᠯᠢ | ᠬᠤᠭᠤᠴᠠᠭᠠᠨ ᠤ ᠬᠢ ᠠᠴᠠ15.95% ᠪᠠᠷ ᠨᠡᠮᠡᠭᠳᠡᠵᠦ᠂ ᠰᠢᠭᠦᠯᠲᠡ ᠶᠢ ᠭᠦᠢᠴᠡᠳᠬᠡᠵᠦ ᠳᠠᠭᠤᠰᠬᠠᠭᠰᠠᠨ ᠪᠠᠶᠢᠳᠠᠯ | ᠠᠳᠠᠯᠢ ᠬᠤᠭᠤᠴᠠᠭᠠᠨ ᠤ ᠬᠢ ᠠᠴᠠ 13.21% ᠪᠠᠷ ᠨᠡᠮᠡᠭᠳᠡᠵᠦ᠂ ᠬᠠᠤᠯᠢ ᠶᠢᠨ ᠲᠤᠰᠢᠶᠠᠯᠲᠠᠨ ᠤ ᠬᠥᠮᠦᠨ | ᠳᠤᠮᠳᠠᠴᠢ ᠶᠢᠨ ᠬᠡᠷᠡᠭ ᠰᠢᠢᠳᠪᠦᠷᠢᠯᠡᠭᠰᠡᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 38.86% ᠪᠠᠷ | ᠨᠡᠮᠡᠭᠳᠡᠪᠡ᠃ 2021 ᠣᠨ ᠳᠤ᠂ ᠬᠡᠷᠡᠭ ᠢ ᠶᠡᠷᠦᠩᠬᠡᠶᠢᠯᠡᠨ ᠳᠠᠭᠤᠰᠬᠠᠭᠰᠠᠨ ᠨᠣᠷᠮ᠎ᠠ ᠨᠢ ᠪᠦᠬᠦ ᠠᠶᠢᠮᠠᠭ ᠤᠨ 7 | ᠰᠢᠭᠦᠬᠦ ᠬᠤᠷᠢᠶᠠᠨ ᠤ ᠳᠣᠲᠣᠷ᠎ᠠ 2 ᠳ᠋ᠤᠭᠠᠷ ᠲᠤ ᠵᠢᠭᠰᠠᠭᠠᠭᠳᠠᠵᠠᠶ᠂ ᠪᠥᠬᠦ ᠣᠷᠣᠨ ᠤ 107 ᠰᠢᠭᠦᠬᠦ ᠬᠤᠷᠢᠶ᠎ᠠ ᠶᠢᠨ | ᠳᠣᠲᠣᠷ᠎ᠠ 29 ᠳ᠋ᠤᠭᠠᠷ ᠲᠤ ᠵᠢᠭᠰᠠᠭᠠᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠢᠭᠦᠬᠦ | ᠬᠤᠷᠢᠶ᠎ᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠪᠠᠷ ᠳᠡᠮᠵᠢᠨ ᠣᠯᠤᠭᠰᠠᠨ ᠰᠢᠨ᠎ᠡ ᠦᠷ᠎ᠡ ᠪᠦᠲᠦᠭᠡᠯ᠂ ᠰᠢᠨ᠎ᠡ | ᠦᠷ᠎ᠡ ᠪᠦᠲᠦᠮᠵᠢ ᠵᠢᠴᠢ ᠠᠪᠴᠢᠷᠠᠭᠰᠠᠨ ᠰᠢᠨ᠎ᠡ ᠬᠤᠪᠢᠷᠠᠯᠲᠠ᠂ ᠰᠢᠨ᠎ᠡ ᠳᠠᠪᠰᠢᠯᠲᠠ ᠶᠢ ᠭᠦᠢᠴᠡᠳ ᠬᠠᠷᠠᠭᠤᠯᠤᠭᠰᠠᠨ | ᠪᠠᠶᠢᠨ᠎ᠠ᠃ | ᠥᠩᠭᠡᠷᠡᠭᠰᠡᠨ ᠳᠥᠷᠪᠡᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠢᠭᠦᠬᠦ ᠬᠤᠷᠢᠶ᠎ᠠ | ᠶᠡᠭᠡ ᠲᠠᠯ᠎ᠠ ᠳᠤ ᠦᠢᠯᠡᠴᠢᠯᠡᠬᠦ ᠪᠠᠷ ᠦᠨᠡᠨᠴᠢ ᠰᠢᠳᠤᠷᠭᠤ ᠶᠢ ᠪᠢᠴᠢᠭᠯᠡᠵᠦ᠂ ᠠᠷᠠᠳ ᠤᠨ ᠲᠥᠯᠥᠭᠡ ᠬᠠᠤᠯᠢ | ᠪᠠᠷᠢᠬᠤ ᠪᠠᠷ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠲᠥᠪ ᠭᠤᠤᠯᠴᠢ ᠪᠠᠷ ᠬᠠᠤᠯᠢ ᠪᠠᠷᠢᠬᠤ ᠪᠠᠷ ᠡᠭᠦᠷᠭᠡ | ᠬᠠᠷᠢᠭᠤᠴᠠᠯᠭ᠎ᠠ ᠪᠠᠨ ᠢᠯᠡᠷᠡᠭᠦᠯᠪᠡ᠂ ᠡᠲᠡᠭᠡᠷ ᠠᠮᠵᠢᠯᠲᠠ ᠶᠢ ᠣᠯᠤᠭᠰᠠᠨ ᠨᠢ ᠬᠤᠰᠢᠭᠤᠨ ᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠶ ᠬᠢᠨᠠᠯᠲᠠ᠂ | ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠬᠠᠮᠲᠤ ᠪᠠᠷ ᠬᠠᠯᠠᠮᠵᠢᠯᠠᠭᠰᠠᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠰᠢᠭᠦᠬᠦ ᠬᠤᠷᠢᠶ᠎ᠠ ᠶᠢ ᠲᠥᠯᠥᠭᠡᠯᠡᠨ᠂ ᠣᠷᠳᠣ ᠬᠤᠭᠤᠴᠠᠭᠠᠨ ᠤ ᠲᠤᠷᠰᠢ ᠰᠢᠭᠦᠬᠦ ᠬᠤᠷᠢᠶ᠎ᠠ ᠶᠢᠨ | ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠤᠳᠤᠷᠢᠳᠤᠯᠭ᠎ᠠ᠂ ᠲᠥᠯᠥᠭᠡᠯᠡᠭᠴᠢᠳ᠂ ᠭᠡᠰᠢᠭᠦᠳ ᠪᠠ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠵᠢᠯ ᠢᠶᠠᠨ ᠳ᠋ᠦᠩᠨᠡᠬᠦ ᠶᠢᠨ ᠵᠡᠷᠭᠡ ᠳᠤ᠂ ᠰᠢᠭᠦᠬᠦ ᠬᠤᠷᠢᠶᠠᠨ ᠤ ᠠᠵᠢᠯ ᠳᠤ ᠪᠠᠰᠠ ᠣᠯᠠᠨ ᠠᠰᠠᠭᠤᠳᠠᠯ ᠪᠠ | ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠄ ᠨᠢᠭᠡ ᠳᠤ᠂ ᠬᠠᠤᠯᠢ | ᠪᠠᠷᠢᠬᠤ ᠣᠶᠢᠯᠠᠭᠠᠭᠳᠠᠬᠤᠨ᠂ ᠬᠠᠤᠯᠢ ᠪᠠᠷᠢᠬᠤ ᠴᠢᠳᠠᠪᠤᠷᠢ ᠶᠢ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠲᠠᠢ | ᠬᠠᠷᠢᠴᠠᠭᠤᠯᠪᠠᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠪᠥᠬᠦ ᠬᠤᠰᠢᠭᠤᠨ ᠤ ᠭᠤᠤᠯ ᠠᠵᠢᠯ ᠲᠠᠢ | ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠬᠢᠷᠢ ᠲᠦᠪᠰᠢᠨ ᠢ | ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠴᠥᠭᠡᠨ ᠲᠣᠭᠠᠨ ᠤ ᠺᠠᠳ᠋ᠷ ᠴᠠᠭᠳᠠᠭ᠎ᠠ ᠨᠠᠷ ᠮᠧᠬᠠᠨᠢᠭ ᠢᠶᠠᠷ ᠬᠠᠤᠯᠢ | ᠴᠠᠭᠠᠵᠠ ᠶᠢ ᠪᠠᠷᠢᠵᠤ᠂ ᠬᠡᠷᠡᠭ ᠢ ᠰᠢᠢᠳᠪᠦᠷᠢᠯᠡᠬᠦ ᠶᠢᠨ ᠲᠥᠯᠥᠭᠡ ᠰᠢᠭᠦᠨ ᠲᠠᠰᠣᠯᠣᠯᠳᠠ ᠶᠢ ᠭᠦᠢᠴᠡᠳᠬᠡᠬᠦ ᠠᠵᠢᠯ ᠤᠨ | ᠤᠯᠤᠰ ᠲᠥᠷᠥ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ | ᠪᠦᠲᠦᠮᠵᠢ ᠶᠢ ᠪᠠᠰᠠ ᠪᠦᠷᠢᠮᠦᠰᠦᠨ ᠨᠢᠭᠡᠳᠬᠡᠵᠦ ᠴᠢᠳᠠᠭᠠᠳᠤᠶ ᠪᠠᠶᠢᠨ᠎ᠠ᠃ ᠬᠤᠶᠠᠷ ᠲᠤ᠂ ᠰᠢᠭᠦᠨ ᠲᠠᠰᠣᠯᠣᠯᠳᠠ ᠶᠢ | ᠵᠢᠷᠤᠮᠵᠢᠭᠤᠯᠤᠨ ᠬᠠᠮᠢᠶᠠᠷᠬᠤ ᠲᠠᠯ᠎ᠠ ᠪᠠᠷ ᠪᠠᠰᠠ ᠮᠠᠰᠢ ᠶᠡᠭᠡ ᠵᠥᠷᠢᠶ᠎ᠡ ᠲᠠᠢ ᠪᠠᠶᠢᠵᠤ᠂ ᠵᠠᠷᠢᠮ ᠬᠡᠷᠡᠭ ᠤᠨ | ᠲᠢᠩᠬᠢᠮ ᠤᠨ ᠰᠢᠭᠦᠯᠲᠡ ᠶᠢᠨ ᠵᠢᠷᠤᠮ ᠨᠢ ᠵᠢᠷᠤᠮᠵᠢᠯ ᠥᠭᠡᠢ᠂ ᠬᠠᠤᠯᠢ ᠪᠠᠷᠢᠬᠤ ᠬᠢᠨᠠᠨ ᠲᠣᠭᠲᠠᠭᠠᠯᠲᠠ ᠶᠢᠨ ᠦᠶᠡᠯᠡᠬᠦ | ᠬᠤᠭᠤᠴᠠᠭ᠎ᠠ ᠨᠢ ᠣᠷᠳᠣ ᠪᠠᠶᠢᠵᠤ᠂ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠳᠤ ᠥ ᠰᠡᠪ ᠲᠠᠢ᠂ | ᠭᠦᠢᠴᠡᠳᠬᠡᠬᠦ ᠵᠠᠩᠭᠢᠯᠠᠭ᠎ᠠ ᠶᠢᠨ ᠴᠡᠭ ᠢ ᠴᠢᠩᠭ᠎ᠠ ᠬᠠᠮᠢᠶᠠᠷᠤᠨ ᠡᠵᠡᠮᠳᠡᠬᠦ ᠥᠭᠡᠢ᠂ ᠭᠦᠢᠴᠡᠳᠬᠡᠬᠦ ᠬᠤᠭᠤᠴᠠᠭ᠎ᠠ ᠨᠢ | ᠭᠡᠳᠤ ᠣᠷᠳᠣ ᠪᠠᠶᠢᠵᠤ᠂ ᠰᠢᠭᠦᠨ ᠲᠠᠰᠣᠯᠣᠯᠳᠠ ᠭᠦᠢᠴᠡᠳᠬᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠷᠬᠠᠭ | ᠭᠡᠮ ᠢ ᠤᠯᠠᠮ ᠨᠢᠭᠡ ᠠᠯᠬᠤᠮ ᠴᠡᠭᠴᠡᠯᠡᠨ ᠵᠠᠰᠠᠵᠤ ᠦᠨᠳᠦᠰᠦ ᠪᠠᠷ ᠨᠢ ᠠᠷᠢᠯᠭᠠᠬᠤ ᠴᠢᠬᠤᠯᠠᠲᠠᠶ ᠪᠠᠶᠢᠨ᠎ᠠ᠃ | ᠭᠤᠷᠪᠠ ᠳᠤ᠂ ᠬᠠᠤᠯᠢ ᠪᠠᠷᠢᠬᠤ ᠣᠪᠣᠷ ᠰᠤᠷᠲᠠᠯ ᠲᠥᠪ ᠪᠤᠰᠤ ᠪᠠᠶᠢᠵᠤ᠂ ᠬᠠᠤᠯᠢ ᠪᠠᠷᠢᠬᠤ ᠶᠢᠨ ᠢᠯᠵᠠᠷᠠᠯ ᠤᠨ | ᠠᠰᠠᠭᠤᠳᠠᠯ ᠪᠠᠶᠢᠨ ᠲᠠᠬᠢᠨ ᠭᠠᠷᠴᠤ᠂ ᠠᠵᠢᠯ ᠤᠨ ᠳᠤᠮᠳᠠ ᠠᠵᠢᠯ ᠬᠢᠬᠦ ᠦᠭᠡᠢ᠂ ᠤᠳᠠᠭᠠᠨ ᠬᠢᠬᠦ᠂ | ᠳᠤᠷ᠎ᠠ ᠪᠠᠷ ᠢᠶᠠᠨ ᠬᠢᠬᠦ ᠦᠵᠡᠭᠳᠡᠯ ᠪᠠᠰᠠ ᠦᠨᠳᠦᠰᠦᠨ ᠠᠴᠠ ᠪᠠᠨ ᠬᠤᠷᠢᠭᠯᠠᠭᠳᠠᠭᠠᠳᠤᠶ ᠪᠠᠶᠢᠵᠤ᠂ ᠲᠦᠢᠯ ᠤᠨ | ᠴᠥᠭᠡᠨ ᠲᠣᠭᠠᠨ ᠤ ᠺᠠᠳ᠋ᠷ ᠴᠠᠭᠳᠠᠭ᠎ᠠ ᠨᠠᠷ ᠬᠡᠷᠡᠭ ᠢ ᠠᠰᠢᠭᠯᠠᠨ ᠬᠤᠪᠢ ᠪᠠᠨ ᠪᠣᠷᠳᠣᠵᠤ᠂ ᠡᠷᠬᠡ ᠮᠥᠩᠭᠦᠨ ᠤ | ᠵᠣᠯᠢᠶ᠎ᠠ ᠬᠢᠵᠦ᠂ ᠠᠷᠠᠳ ᠤᠨ ᠰᠢᠭᠦᠬᠦ ᠬᠤᠷᠢᠶ᠎ᠠ ᠪᠠ ᠬᠠᠤᠯᠢ ᠶᠢᠨ ᠲᠤᠰᠢᠶᠠᠯᠲᠠᠨ ᠤ ᠡᠩᠨᠡᠭᠡᠨ ᠤ ᠪᠦᠬᠦᠯᠢ | ᠴᠣᠭᠴᠠ ᠶᠢᠨ ᠲᠦᠷᠢ ᠲᠥᠷᠬᠦ ᠶᠢ ᠬᠦᠨᠳᠦ ᠨᠣᠴᠢᠲᠠᠶ ᠬᠤᠬᠢᠷᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠭᠦᠷᠭᠡ ᠮᠥᠨ ᠯᠡ | ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠲᠦᠷᠪᠡ ᠳᠤ᠂᠂ᠦᠨᠳᠦᠰᠦᠨ ᠱᠠᠲᠤᠨ ᠤ ᠰᠠᠭᠤᠷᠢ ᠠᠵᠢᠯ | ᠮᠥᠨ ᠯᠡ ᠨᠡᠯᠢᠶᠡᠳ ᠪᠠᠭᠤᠷᠠᠶ ᠪᠠᠶᠢᠵᠤ᠂ ᠠᠷᠠᠳ ᠤᠨ ᠰᠢᠭᠦᠬᠦ ᠲᠢᠩᠬᠢᠮ ᠤᠨ ᠵᠥᠷᠢᠴᠡᠯ ᠵᠢᠭᠤᠷᠠᠯᠳᠤᠭᠠᠨ ᠢ | ᠠᠷᠢᠯᠭᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠳᠠᠷᠤᠶ ᠲᠦᠷᠭᠡᠨ ᠴᠢᠩᠭᠠᠳᠬᠠᠬᠤ | ᠴᠢᠬᠤᠯᠠᠲᠠᠶ ᠪᠠᠶᠢᠵᠤ᠂ ᠰᠢᠭᠦᠬᠦ ᠬᠤᠷᠢᠶᠠᠨ ᠤ ᠬᠡᠷᠡᠭ ᠤᠯᠠᠨ ᠬᠥᠮᠦᠨ ᠴᠥᠭᠡᠨ ᠵᠥᠷᠢᠴᠡᠯ ᠲᠤᠪᠤᠶᠢᠮ᠎ᠠ ᠪᠠᠶᠢᠵᠤ᠂ | ᠬᠡᠷᠡᠭ ᠰᠢᠢᠳᠪᠦᠷᠢᠯᠡᠬᠦ ᠳᠠᠷᠤᠯᠲᠠ ᠬᠡᠲᠦᠷᠬᠡᠶ ᠶᠡᠭᠡ ᠪᠠᠶᠢᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ | ᠰᠢᠭᠦᠨ ᠲᠠᠰᠤᠯᠬᠤ ᠪᠠ ᠭᠦᠢᠴᠡᠳᠬᠡᠬᠦ ᠶᠢ ᠠᠬᠢᠭᠤᠯᠵᠤ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ | ᠬᠦᠷᠲᠡᠭᠡᠬᠦ ᠵᠡᠷᠭᠡ ᠠᠵᠢᠯ ᠳᠤ ᠮᠥᠨ ᠯᠡ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ | ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠪᠣᠯᠤᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠥᠯᠥᠪᠵᠢᠭᠦᠯᠭᠡ | ᠬᠤᠶᠢᠰᠢᠳᠠ ᠶᠢᠨ ᠲᠠᠪᠤᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠰᠢᠭᠦᠬᠦ ᠬᠤᠷᠢᠶᠠᠨ ᠤ ᠠᠵᠢᠯ ᠤᠨ ᠶᠡᠷᠦᠩᠬᠡᠶ ᠰᠡᠳᠭᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠦᠷᠭᠦᠯᠵᠢᠯᠡᠨ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠨᠠᠮ ᠤᠨ ᠰᠢᠭᠦᠬᠦ ᠬᠤᠷᠢᠶᠠᠨ ᠤ ᠠᠵᠢᠯ ᠳᠠᠬᠢ ᠬᠠᠷᠢᠴᠠᠯᠠᠰᠢ ᠦᠭᠡᠶ ᠤᠳᠤᠷᠢᠳᠤᠯᠭ᠎ᠠ ᠶᠢ ᠪᠠᠷᠢᠮᠲᠠᠯᠠᠵᠤ᠂ ᠢᠮᠠᠭᠲᠠ | ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ | ᠲᠥᠷᠥ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ | ᠳᠡᠮᠵᠢᠯᠭᠡ ᠳᠣᠤᠷ᠎ᠠ᠂ ᠤᠯᠠᠮ ᠨᠢᠭᠡ ᠠᠯᠬᠤᠮ ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠦᠨᠡᠨ ᠬᠦ ᠠᠳᠬᠤᠨ | ᠪᠣᠳᠠᠲᠠᠶ ᠠᠵᠢᠯᠯᠠᠵᠤ᠂ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠪᠥᠬᠦ ᠬᠤᠰᠢᠭᠤᠨ ᠤ | ᠤᠯᠤᠰ ᠲᠥᠷᠥ ᠶᠢᠨ ᠲᠣᠭᠲᠠᠭᠤᠨ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠬᠠᠮᠠᠭᠠᠯᠠᠨ ᠠᠬᠢᠭᠤᠯᠬᠤ ᠳᠤ ᠨᠠᠩ ᠶᠡᠭᠡ ᠬᠤᠪᠢ | ᠨᠡᠮᠡᠷᠢ ᠪᠠᠨ ᠦᠵᠡᠭᠦᠯᠦᠨ᠎ᠡ᠃ | ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠠᠷ ᠭᠤᠣᠯᠳᠠᠭᠤᠯᠵᠤ᠂ | ᠨᠡᠩ ᠥᠨᠳᠥᠷ ᠵᠣᠭᠰᠣᠴᠠ ᠨᠡᠩ ᠶᠡᠭᠡ ᠵᠣᠷᠢᠭ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠲᠡᠢ ᠬᠠᠤᠯᠢ ᠴᠠᠭᠠᠵᠠ ᠶᠢᠨ | ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠲᠠᠢ | ᠤᠶᠠᠯᠳᠤᠭᠤᠯᠤᠨ᠂ ᠤᠯᠤᠰ ᠲᠦᠷᠦ ᠶᠢᠨ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤ ᠴᠣᠭᠴᠠᠯᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢ ᠴᠢᠩᠭᠠᠳᠬᠠᠵᠤ᠂ ᠭᠤᠣᠯᠯᠠᠭᠴᠢ ᠶᠢ ᠬᠠᠮᠠᠭᠠᠯᠠᠬᠤ᠂ | ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ᠂ ᠨᠠᠮ ᠤᠨ ᠵᠢᠯᠤᠭᠤᠳᠤᠯᠭ᠎ᠠ ᠶᠢ ᠲᠠᠭᠠᠬᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠪᠦᠯᠬᠦᠮ ᠳᠠᠭᠠᠭᠤᠯᠤᠨ ᠰᠢᠭᠦᠨ | ᠲᠠᠰᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ | ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ | ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠢᠭᠦᠨ ᠲᠠᠰᠤᠯᠬᠤ ᠪᠠ ᠭᠦᠢᠴᠡᠳᠬᠡᠬᠦ ᠶᠢ | ᠴᠢᠩᠭᠠᠳᠬᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠵᠠᠬ᠎ᠠ | ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠪᠤᠢ ᠪᠣᠯᠭᠠᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠦᠢᠯᠡᠴᠢᠯᠡᠬᠦ᠂ ᠥᠮᠴᠢᠯᠡᠯ ᠤᠨ ᠡᠷᠬᠡ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ | ᠴᠠᠭᠠᠵᠠ ᠶᠢᠨ ᠬᠠᠮᠠᠭᠠᠯᠠᠯᠲᠠ ᠶᠢᠨ ᠲᠦᠷᠢᠮ ᠢ ᠪᠦᠷᠢᠨᠰᠢᠬᠦᠯᠬᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ | ᠤᠬᠠᠭᠠᠨ ᠮᠡᠷᠭᠡᠵᠢᠯ ᠳᠤ ᠦᠢᠯᠡᠴᠢᠯᠡᠵᠦ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠵᠡᠷᠭᠡ ᠲᠠᠯ᠎ᠠ ᠪᠠᠷ ᠬᠠᠤᠯᠢ ᠪᠠᠷᠢᠬᠤ ᠡᠭᠦᠷᠭᠡ | ᠴᠢᠳᠠᠪᠤᠷᠢ ᠪᠠᠨ ᠦᠷᠭᠦᠯᠵᠢᠯᠡᠨ ᠰᠠᠶᠢᠲᠤᠷ ᠪᠠᠳᠠᠷᠠᠭᠤᠯᠤᠨ᠎ᠠ᠃ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠲᠠᠢ | ᠤᠶᠠᠯᠳᠤᠭᠤᠯᠤᠨ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠷᠢᠮᠲᠠᠯᠠᠵᠤ᠂ ᠬᠠᠮᠤᠭ ᠤᠨ ᠥᠷᠭᠡᠨ | ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ | ᠰᠠᠶᠢᠲᠤᠷ ᠬᠥᠭᠵᠢᠭᠦᠯᠬᠦ ᠶᠢ ᠢᠮᠠᠭᠲᠠ ᠬᠠᠤᠯᠢ ᠪᠠᠷᠢᠬᠤ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ᠂ ᠨᠢᠭᠡ ᠯᠡ | ᠥᠷᠲᠡᠭᠡᠨ ᠤ ᠮᠠᠶ᠋ᠢᠭ ᠤᠨ ᠤᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠪᠠ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠬᠠᠮᠠᠭᠠᠯᠠᠨ᠎ᠠ᠃ | ᠭᠤᠷᠪᠠ ᠳᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠩᠬᠠᠷᠴᠤ ᠪᠠᠶᠢᠭ᠎ᠠ | ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠥᠭᠡᠷᠡᠴᠢᠯᠡᠯᠲᠡ ᠶᠢᠨ ᠵᠥᠪ ᠴᠢᠭᠯᠡᠯ ᠢ ᠢᠮᠠᠭᠲᠠ | ᠪᠠᠷᠢᠮᠲᠠᠯᠠᠬᠤ ᠬᠡᠷᠡᠭᠲᠡᠢ᠃ ᠰᠢᠭᠦᠨ ᠲᠠᠰᠤᠯᠤᠯᠲᠠ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠬᠦ᠂ | ᠵᠠᠷᠭᠤ ᠶᠢᠨ ᠢᠷᠡᠯᠲᠡ ᠶᠢᠨ ᠵᠠᠰᠠᠯᠲᠠ ᠶᠢ ᠴᠢᠩᠭᠠᠳᠬᠠᠬᠤ᠂ ᠶᠠᠷᠰᠢᠭ ᠲᠦᠪᠡᠭᠲᠡᠢ ᠪᠠ ᠳᠥᠭᠦᠮ ᠬᠢᠯᠪᠠᠷ ᠢ | ᠰᠠᠯᠭᠠᠬᠤ ᠶᠢ ᠠᠬᠢᠭᠤᠯᠬᠤ᠂ ᠬᠡᠷᠡᠭ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠭᠠᠷᠳᠠᠨ | ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ ᠶᠢᠨ | ᠵᠢᠭᠤᠷᠠᠯᠳᠤᠭᠠᠨ ᠢ ᠰᠢᠢᠳᠪᠦᠷᠢᠯᠡᠬᠦ ᠨᠢᠭᠡ ᠯᠡ ᠥᠷᠲᠡᠭᠡᠨ ᠤ ᠮᠠᠶ᠋ᠢᠭ ᠤᠨ ᠤᠯᠠᠨ ᠡᠰᠢᠲᠦ ᠲᠣᠭᠲᠠᠴᠠ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ | ᠨᠢᠭᠡ ᠯᠡ ᠥᠷᠲᠡᠭᠡᠨ ᠤ ᠮᠠᠶ᠋ᠢᠭ ᠤᠨ ᠤᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ | ᠦᠨᠳᠦᠰᠦᠨ ᠱᠠᠳᠤ ᠲᠡᠶᠢᠰᠢ ᠥᠷᠭᠡᠳᠬᠡᠬᠦ᠂ ᠨᠡᠶᠢᠭᠡᠮ ᠲᠡᠶᠢᠰᠢ ᠥᠷᠭᠡᠳᠬᠡᠬᠦ᠂ ᠰᠦᠯᠵᠢᠶᠡᠨ ᠳᠡᠭᠡᠷ᠎ᠡ ᠥᠷᠭᠡᠳᠬᠡᠬᠦ ᠶᠢ | ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠭᠠᠴᠠᠭ᠎ᠠ ᠪᠣᠯᠭᠠᠨ ᠳᠤ ᠰᠢᠢᠳᠪᠦᠷᠢᠯᠡᠬᠦ᠂ ᠤᠯᠠᠨ | ᠡᠰᠢᠵᠢᠬᠦᠯᠦᠨ ᠰᠢᠢᠳᠪᠦᠷᠢᠯᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ ᠲᠣᠬᠢᠷᠠᠭᠤᠯᠬᠤ ᠶᠢ ᠠᠬᠢᠭᠤᠯᠤᠨ᠎ᠠ᠃ | ᠠᠷᠠᠳ ᠤᠨ ᠰᠢᠭᠦᠬᠦ ᠬᠤᠷᠢᠶ᠎ᠠ ᠶᠢᠨ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠠᠵᠢᠯ ᠤᠨ ᠲᠥᠷᠥᠯ | ᠬᠤᠪᠢᠶᠠᠨ ᠱᠠᠲᠤ ᠬᠤᠪᠢᠶᠠᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠷᠭ᠎ᠠ ᠵᠠᠮ ᠢ ᠪᠠᠶᠢᠭᠤᠯᠵᠤ᠂ | ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠭᠡ ᠶᠢᠨ ᠲᠠᠪᠴᠠᠩ ᠢ ᠬᠥᠳᠡᠭᠡ ᠲᠣᠰᠬᠤᠨ ᠳᠤ ᠬᠦᠷᠭᠡᠬᠦ᠂ ᠨᠡᠶᠢᠭᠡᠮ | ᠲᠣᠭᠤᠷᠢᠭ ᠲᠤ ᠬᠦᠷᠭᠡᠬᠦ᠂ ᠲᠣᠣᠷ ᠲᠤ ᠣᠷᠣᠭᠤᠯᠬᠤ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ | ᠠᠷᠠᠳ ᠤᠨ ᠰᠢᠭᠦᠬᠦ ᠬᠤᠷᠢᠶ᠎ᠠ ᠵᠢᠴᠢ ᠠᠷᠠᠳ ᠤᠨ ᠰᠢᠭᠦᠬᠦ ᠲᠢᠩᠬᠢᠮ ᠢᠶᠠᠷ ᠭᠤᠣᠯ ᠴᠣᠭᠴᠠ ᠪᠣᠯᠭᠠᠭᠰᠠᠨ᠂ ᠤᠯᠠᠨ | ᠲᠦᠮᠡᠨ ᠥᠷᠭᠡᠨ ᠢᠶᠠᠷ ᠣᠷᠣᠯᠴᠠᠭᠰᠠᠨ ᠦᠨᠳᠦᠰᠦᠨ ᠱᠠᠲᠤᠨ ᠤ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠵᠤ᠂ ᠵᠢᠭᠤᠷᠠᠯᠳᠤᠭᠠᠨ ᠢ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠡᠷᠭᠡᠶᠢᠯᠡᠨ | ᠠᠷᠢᠯᠭᠠᠵᠤ᠂ ᠦᠢᠷ᠎ᠠ ᠬᠠᠪᠢ ᠳᠤᠨᠢ ᠪᠤᠶᠤ ᠭᠡᠷ ᠲᠤᠨᠢ ᠬᠦᠷᠴᠦ ᠵᠠᠷᠭᠤᠯᠳᠤᠭᠠᠨ ᠤ ᠦᠢᠯᠡᠴᠢᠯᠡᠭᠡ ᠬᠠᠩᠭᠠᠵᠤ᠂ ᠤᠯᠠᠨ | ᠲᠦᠮᠡᠨ ᠢ ︽ᠭᠡᠷ ᠤᠨ ᠡᠭᠦᠳᠡᠨ︾ ᠳᠤ ᠪᠠᠶᠢᠯᠭᠠᠪᠠᠯ ᠳᠠᠷᠤᠶ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠬᠤ ᠪᠣᠯᠭᠠᠨ᠎ᠠ᠃ | | ᠲᠦᠷᠪᠡ ᠳᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠴᠢᠩᠭ᠎ᠠ ᠵᠠᠰᠠᠬᠤ ᠶᠢᠨ ᠭᠤᠣᠯ ᠬᠦᠭ ᠠᠶᠠᠰ ᠢ | ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠪᠠᠷ ᠰᠢᠨᠳᠠᠷᠠᠰᠢ ᠦᠭᠡᠢ ᠴᠢᠷᠮᠠᠶᠢᠬᠤ ᠬᠡᠷᠡᠭᠲᠡᠢ᠂ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ | ᠭᠤᠷᠪᠠᠨ ᠲᠣᠭᠲᠠᠭᠠᠯ︾ ᠵᠡᠷᠭᠡ ᠪᠠᠲᠤ ᠴᠢᠩᠭ᠎ᠠ ᠴᠠᠭᠠᠵᠠ ᠵᠠᠷᠯᠢᠭ ᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ | ᠴᠢᠬᠡᠴᠢ ᠪᠠᠷ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠲᠤᠯᠠᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠲᠤᠰᠬᠠᠯ ᠴᠢᠩᠭ᠎ᠠ᠂ ᠲᠥᠪ ᠭᠤᠣᠯᠴᠢ ᠪᠠᠷ | ᠬᠠᠤᠯᠢ ᠪᠠᠷᠢᠬᠤ ᠶᠢ ᠤᠷᠳᠤ ᠬᠤᠭᠤᠴᠠᠭ᠎ᠠ ᠪᠠᠷ ᠨᠥᠯᠥᠭᠡᠯᠡᠨ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠬᠡᠷᠡᠭᠵᠢᠭᠦᠯᠬᠦ᠂ | ᠬᠠᠷᠠᠯᠲᠠ ᠲᠠᠢ ᠪᠠᠷ ᠡᠮᠨᠡᠨ ᠵᠠᠰᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠪᠡᠶᠡᠯᠡᠭᠦᠯᠬᠦ᠂ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ | ᠬᠡᠷᠡᠭᠲᠡᠶ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠰᠢᠭᠦᠯᠲᠡ ᠶᠢᠨ ᠶᠠᠪᠤᠳᠠᠯ ᠤᠨ ᠬᠢᠨᠠᠨ | ᠪᠠᠶᠢᠴᠠᠭᠠᠯᠲᠠ ᠶᠢ ᠴᠢᠩᠭᠠᠳᠬᠠᠵᠤ᠂ ᠰᠤᠷᠲᠠᠯ ᠢ ᠪᠦᠬᠦ ᠲᠠᠯ᠎ᠠ ᠪᠠᠷ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠶᠢ ᠪᠠᠷᠢᠮᠲᠠᠯᠠᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠵᠤ᠂ ᠬᠦᠨᠳᠦ ᠬᠡᠴᠡᠭᠦᠦ ᠡᠮ ᠢᠶᠠᠷ | ᠠᠷᠬᠠᠭ ᠭᠡᠮ ᠢ ᠠᠷᠢᠯᠭᠠᠵᠤ᠂ ᠭᠡᠮ ᠠᠷᠬᠠᠭ ᠢ ᠬᠦᠴᠦᠯᠡᠨ ᠰᠢᠢᠳᠪᠦᠷᠢᠯᠡᠵᠦ᠂ ᠬᠡᠷᠡᠭ ᠢ ᠠᠰᠢᠭᠯᠠᠨ ᠬᠤᠪᠢ ᠪᠠᠨ | ᠪᠣᠷᠳᠣᠬᠤ᠂ ᠡᠷᠬᠡ ᠮᠥᠩᠭᠦᠨ ᠤ ᠰᠣᠯᠢᠯᠴᠠᠭ᠎ᠠ ᠬᠢᠬᠦ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠠᠵᠢᠯ ᠬᠢᠬᠦ | ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠦᠵᠡᠭᠳᠡᠯ ᠢ ᠡᠷᠡᠰ ᠬᠤᠷᠢᠭᠯᠠᠵᠤ᠂ ᠬᠢᠨᠠᠨ ᠰᠢᠯᠭᠠᠵᠤ | ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠦ᠂ ᠥᠷᠭᠡᠨ ᠣᠯᠠᠨ ᠬᠠᠤᠯᠢ ᠶᠢᠨ ᠲᠤᠰᠢᠶᠠᠯᠲᠠᠨ ᠢ | ᠵᠥᠷᠢᠴᠡᠯ ᠵᠢᠭᠤᠷᠠᠯᠳᠤᠭᠠᠨ ᠤ ᠡᠮᠦᠨ᠎ᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠦᠯᠵᠦ᠂ ᠵᠣᠷᠢᠭᠲᠠᠢ ᠪᠠᠷ ᠬᠦᠴᠢᠷ | ᠠᠰᠠᠭᠤᠳᠠᠯ ᠢ ᠰᠢᠢᠳᠪᠦᠷᠢᠯᠡᠬᠦ ᠪᠣᠯᠭᠠᠬᠤ ᠬᠡᠷᠡᠭᠲᠡᠢ᠃ | ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠳᠤ᠂ ᠬᠤᠷᠴᠢᠨ ᠪᠠᠷᠠᠭᠤᠨ ᠭᠠᠷᠤᠨᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠦᠷᠭᠦᠯᠵᠢᠯᠡᠨ | ᠰᠢ ᠶᠢᠨ ᠫᠢᠩ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠬᠠᠤᠯᠢ ᠪᠠᠷ | ᠵᠠᠰᠠᠬᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ | ᠶᠢᠰᠦᠳᠦᠭᠡᠷ ᠬᠤᠭᠤᠴᠠᠭᠠᠨ ᠤ ᠡᠯ᠎ᠡ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠢ ᠦᠷᠭᠦᠯᠵᠢᠯᠡᠨ ᠭᠦᠨᠵᠡᠭᠡᠶ ᠪᠠᠲᠤᠯᠠᠵᠤ᠂ ᠯᠠᠪᠳᠠᠭᠤᠨ ᠪᠠᠲᠤᠲᠠᠶ ᠰᠢᠭᠦᠨ ᠲᠠᠰᠤᠯᠬᠤ ᠪᠠ | ᠭᠦᠢᠴᠡᠳᠭᠡᠬᠦ ᠠᠵᠢᠯ ᠢᠶᠠᠷ ᠳᠡᠮᠵᠢᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ | ︵ᠨᠢᠭᠡ︶ ᠤᠯᠤᠰ ᠲᠥᠷᠥ ᠪᠠᠷ ᠬᠥᠲᠥᠯᠦᠨ ᠵᠢᠯᠣᠭᠤᠳᠬᠤ ᠶᠢ ᠳᠣᠪᠤᠶᠢᠯᠭᠠᠵᠤ᠂ ᠡᠮᠨᠡᠯᠭᠡ ᠶᠢᠨ ᠬᠤᠷᠢᠶ᠎ᠠ ᠶᠢ | ᠴᠢᠩᠭ᠎ᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠨᠢᠭᠡ ᠳᠤ᠂ ᠪᠦᠬᠦ ᠲᠠᠯ᠎ᠠ ᠪᠠᠷ ᠰᠢᠭᠦᠬᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠤᠶᠢᠪᠢᠰᠢ ᠦᠭᠡᠢ ᠲᠦᠯᠬᠢᠨ ᠠᠬᠢᠭᠤᠯᠵᠤ᠂ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠪᠠ ᠦᠢᠯᠡ ᠠᠵᠢᠯᠯᠠᠭ᠎ᠠ ᠶᠢᠨ ᠬᠢᠵᠠᠭᠠᠷ ᠱᠤᠭᠤᠮ ᠢ ᠲᠠᠰᠤᠷᠠᠯᠲᠠ ᠦᠭᠡᠢ | ᠪᠠᠲᠤ ᠪᠠᠬᠢ ᠪᠠᠶᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ | ᠬᠡᠷᠡᠭᠲᠡᠶ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ ᠰᠠᠶᠢᠲᠤᠷ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠰᠢᠭᠦᠨ ᠲᠠᠰᠤᠯᠬᠤ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ | ᠪᠠᠶᠢᠷᠢᠯᠠᠭᠤᠯᠤᠨ᠎ᠠ᠃ ︽︿ᠲᠦᠷᠪᠡᠨ ᠲᠦᠷᠦᠯ ᠤᠨ ᠬᠡᠷᠡᠭ﹀ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾᠂ ︽ᠠᠷᠠᠳ ᠤᠨ ᠰᠢᠭᠦᠬᠦ | ᠬᠤᠷᠢᠶᠠᠨ ᠤ ᠠᠵᠢᠯᠳᠠᠨ ᠤ ᠤᠢᠢᠷ᠎ᠠ ᠲᠦᠷᠦᠯ ᠰᠠᠳᠤᠨ ᠤ ᠠᠵᠢᠯ ᠬᠢᠬᠦ ᠶᠢ ᠴᠠᠭᠠᠵᠠᠯᠠᠭᠰᠠᠨ ᠲᠣᠳᠣᠷᠬᠠᠶ ᠬᠠᠭᠤᠳᠠᠰᠤ︾ | ᠂ ︽ᠭᠦᠢᠴᠡᠳᠬᠡᠬᠦ ᠡᠷᠬᠡ ᠶᠢ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ | ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠰᠢᠭᠦᠬᠦ ᠬᠤᠷᠢᠶ᠎ᠠ ᠶᠢ | ᠴᠢᠩᠭ᠎ᠠ ᠵᠠᠰᠠᠬᠤ ᠶᠢ ᠲᠦᠯᠬᠢᠨ ᠠᠬᠢᠭᠤᠯᠤᠨ᠎ᠠ᠃ | ᠬᠤᠶᠠᠷ ᠲᠤ᠂ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠬᠠᠤᠯᠢ | ᠴᠠᠭᠠᠵᠠ ᠶᠢᠨ ᠬᠢᠨᠠᠯᠲᠠ ᠲᠠᠯᠪᠢᠭᠴᠢ ᠶᠢᠨ ᠠᠵᠢᠯ ᠤᠨ ᠪᠣᠳᠠᠲᠤ ᠦᠷ᠎ᠡ ᠪᠦᠳᠦᠮᠵᠢᠳᠤ ᠴᠢᠨᠠᠷ ᠢ ᠲᠠᠰᠤᠷᠠᠯᠲᠠ ᠦᠭᠡᠶ | ᠳᠡᠭᠡᠭᠰᠢᠯᠡᠭᠦᠯᠵᠦ᠂ ᠬᠠᠷᠢᠯᠴᠠᠵᠤ ᠨᠡᠪᠲᠡᠷᠡᠯᠴᠡᠬᠦ ᠶᠢ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠭᠴᠢ ᠶᠢ ᠤᠷᠢᠵᠤ ᠲᠢᠩᠬᠢᠮ ᠤᠨ | ᠰᠢᠭᠦᠯᠲᠡ ᠶᠢ ᠦᠵᠡᠭᠦᠯᠬᠦ᠂ ᠭᠦᠢᠴᠡᠳᠬᠡᠬᠦ ᠶᠢ ᠭᠡᠷᠡᠴᠢᠯᠡᠬᠦ᠂ ᠰᠠᠨᠠᠯ ᠰᠠᠨᠠᠭᠤᠯᠭ᠎ᠠ ᠶᠢ ᠬᠤᠷᠢᠶᠠᠵᠤ᠂ ᠴᠡᠭᠴᠡᠯᠡᠨ | ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠳᠤᠮᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ᠂ ᠨᠡᠶᠢᠭᠡᠮ ᠲᠣᠭᠤᠷᠢᠭ ᠤᠨ ᠤᠯᠠᠨ ᠲᠦᠮᠡᠨ ᠵᠡᠷᠭᠡ ᠶᠢᠨ | ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢ ᠪᠠᠷᠢᠬᠤ ᠶᠢ ᠢᠯᠡ ᠪᠣᠯᠭᠠᠬᠤ ᠶᠢ ᠠᠬᠢᠭᠤᠯᠵᠤ᠂ | ᠲᠥᠪ ᠭᠤᠣᠯᠴᠢ ᠪᠠᠷ ᠬᠠᠤᠯᠢ ᠪᠠᠷᠢᠬᠤ ᠶᠢ ᠦᠨᠡᠨ ᠬᠦ ᠪᠠᠲᠤᠯᠠᠨ᠎ᠠ᠃ ᠤᠯᠠᠨ ᠲᠦᠮᠡᠨ ᠤ ᠦᠨᠡᠯᠡᠯᠲᠡ ᠪᠠ | ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠲᠥᠪ ᠭᠤᠣᠯᠴᠢ ᠰᠢᠳᠤᠷᠭᠤ ᠶᠣᠰᠣ ᠶᠢ ᠠᠷᠠᠳ ᠤᠯᠠᠨ ᠤ | ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠡᠯᠪᠡᠷᠢ ᠪᠠᠷ ᠪᠡᠶᠡᠯᠡᠭᠦᠯᠦᠨ᠎ᠡ᠃ | ᠭᠤᠷᠪᠠ ᠳᠤ᠂ ᠰᠤᠷᠭᠠᠨ ᠬᠥᠮᠦᠵᠢᠭᠦᠯᠵᠦ ᠴᠡᠭᠴᠡᠯᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ᠃ | ᠬᠥᠮᠦᠵᠢᠯ ᠴᠡᠭᠴᠡᠯᠡᠯᠲᠡ ᠬᠡᠵᠢᠶᠡᠳᠡ ᠳᠠᠭᠤᠰᠤᠰᠢ ᠦᠭᠡᠢ᠃ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ | ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠰᠤᠷᠭᠠᠨ | ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠮᠵᠢ ᠶᠢ ᠰᠢᠭᠦᠬᠦ ᠬᠤᠷᠢᠶᠠᠨ ᠤ ᠠᠵᠢᠯ ᠢ ᠰᠠᠶᠢᠲᠤᠷ ᠬᠢᠬᠦ ᠶᠢᠨ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ | ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ | ︵ᠬᠤᠶᠠᠷ︶ ᠭᠤᠤᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠶᠢ ᠪᠠᠲᠤᠯᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ | ᠨᠢᠭᠡ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠬᠢ ᠡᠭᠦᠰᠦᠯ ᠠᠴᠠ ᠨᠢ ᠵᠠᠰᠠᠬᠤ ᠰᠡᠷᠭᠡᠶᠢᠯᠡᠨ ᠵᠠᠰᠠᠬᠤ | ᠲᠣᠭᠲᠠᠴᠠ᠂ ᠡᠷᠲᠡ ᠠᠴᠠ ᠴᠣᠬᠢᠯᠲᠠ ᠥᠭᠴᠦ ᠪᠠᠭ᠎ᠠ ᠠᠴᠠ ᠨᠢ ᠴᠣᠬᠢᠯᠲᠠ ᠥᠭᠬᠦ ᠬᠠᠤᠯᠢ ᠶᠣᠰᠣᠭᠠᠷ ᠵᠠᠯᠬᠠᠭᠠᠨ | ᠰᠢᠢᠳᠭᠡᠬᠦ ᠲᠣᠭᠲᠠᠴᠠ᠂ ᠦᠷᠭᠦᠯᠵᠢᠯᠡᠨ ᠠᠬᠢᠭᠤᠯᠬᠤ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠵᠢᠴᠢ | ᠲᠡᠭᠦᠨ ᠤ ︽ᠬᠠᠮᠠᠭᠠᠯᠠᠭᠴᠢ︾ ᠶᠢᠨ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠬᠠᠤᠯᠢ ᠳᠦᠷᠢᠮᠵᠢᠭᠦᠯᠦᠯᠲᠡ᠂ ᠵᠢᠷᠤᠮᠵᠢᠯᠲᠠ᠂ ᠲᠤᠰᠬᠠᠶᠢᠵᠢᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠤᠷᠳᠤ ᠬᠤᠭᠤᠴᠠᠭ᠎ᠠ ᠪᠠᠷ ᠵᠠᠰᠠᠬᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ | ᠪᠡᠶᠡᠯᠡᠭᠦᠯᠬᠦ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ | ᠲᠤᠷᠰᠢᠯᠭ᠎ᠠ ᠶᠢ ᠨᠠᠷᠢᠨ ᠬᠢᠨᠠᠮᠠᠭᠠᠢ ᠡᠮᠬᠢᠯᠡᠨ ᠳ᠋ᠦᠩᠨᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠬᠡᠷᠡᠭ ᠢ ᠰᠢᠭᠦᠨ ᠲᠠᠰᠤᠯᠬᠤ ᠠᠬᠢᠴᠠ ᠶᠢ ᠲᠦᠷᠭᠡᠳᠬᠡᠵᠦ᠂ ︽ᠬᠠᠷ᠎ᠠ ᠪᠦᠯᠦᠭᠲᠡᠨ ᠬᠠᠷᠭᠢᠰ | ᠬᠦᠴᠦᠨ︾ ᠢ ᠪᠣᠳᠠᠲᠠᠶᠢᠵᠢᠭᠤᠯᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ | ᠰᠠᠨᠠᠭᠠᠴᠢᠯᠠᠭ᠎ᠠ ᠠᠴᠠ ᠪᠠᠨᠣᠷᠤᠯᠴᠠᠨᠠ᠃ ᠰᠢᠨ᠎ᠡ ᠬᠥᠭᠵᠢᠯᠲᠡ ᠶᠢᠨ ᠱᠠᠲᠤᠨ ᠳᠠᠬᠢ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠤᠨ ᠬᠠᠤᠯᠢ ᠴᠠᠭᠠᠵᠠ ᠶᠢᠨ ᠠᠵᠢᠯ ᠳᠤ ᠳᠤᠷᠠᠳᠤᠭᠰᠠᠨ ᠰᠢᠨ᠎ᠡ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠦᠴᠦᠯᠡᠬᠦ ᠴᠡᠭ ᠪᠣᠯᠭᠠᠵᠤ᠂ ᠰᠢᠭᠦᠨ ᠲᠠᠰᠤᠯᠬᠤ ᠡᠭᠦᠷᠭᠡ | ᠴᠢᠳᠠᠪᠬᠢ ᠶᠢ ᠢᠳᠡᠪᠬᠢᠲᠡᠢ ᠤᠷᠲᠤᠳᠬᠠᠵᠤ᠂ ᠮᠠᠯᠴᠢᠨ ᠲᠠᠷᠢᠶᠠᠴᠢᠨ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ ᠬᠥᠳᠡᠭᠡ ᠲᠣᠰᠬᠤᠨ ᠤ | ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ᠂ ᠲᠠᠷᠢᠶᠠᠯᠠᠩ ᠤᠨ | ᠪᠦᠲᠦᠭᠡᠭᠳᠡᠬᠦᠨ ᠳᠤ ᠬᠤᠯᠪᠣᠭᠳᠠᠭᠰᠠᠨ ᠶᠠᠯᠠᠲᠤ ᠬᠡᠷᠡᠭ ᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠬᠥᠳᠡᠭᠡ | ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠶ᠃ ᠬᠥᠳᠡᠭᠡ ᠲᠣᠰᠬᠤᠨ ᠤ | ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ᠂ ᠬᠥᠳᠡᠭᠡ ᠲᠣᠰᠬᠤᠨ ᠤ ᠭᠡᠷ ᠪᠠᠶᠢᠰᠢᠩ ᠪᠠ ᠦᠢᠯᠡᠳᠪᠦᠷᠢᠯᠡᠯ ᠤᠨ | ᠲᠥᠬᠦᠭᠡᠷᠦᠮᠵᠢ ᠶᠢ ᠨᠡᠭᠦᠯᠭᠡᠬᠦ ᠵᠢᠴᠢ ᠲᠥᠪᠬᠢᠨᠡᠭᠦᠯᠬᠦ ᠨᠥᠬᠦᠪᠥᠷᠢ ᠥᠭᠬᠦ ᠵᠡᠷᠭᠡ ᠳᠤ ᠬᠤᠯᠪᠣᠭᠳᠠᠭᠰᠠᠨ ᠬᠡᠷᠡᠭ ᠢ | ᠬᠠᠤᠯᠢ ᠶᠣᠰᠣᠭᠠᠷ ᠰᠢᠭᠦᠨ ᠰᠢᠢᠳᠪᠦᠷᠢᠯᠡᠵᠦ᠂ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢᠨ | ᠰᠠᠭᠤᠷᠢ ᠶᠢ ᠪᠠᠲᠤᠳᠭᠠᠨᠠ᠃ | ᠭᠤᠷᠪᠠ ᠳᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠤᠰᠤ ᠪᠣᠯᠬᠤ ᠤᠢᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠬᠡᠯᠪᠡᠷᠢ ᠶᠢᠨ | ᠬᠤᠪᠢᠷᠠᠭᠤᠯᠤᠯᠲᠠ ᠳᠤ ᠦᠢᠯᠡᠴᠢᠯᠡᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠲᠥᠪ ᠬᠤᠷᠢᠶᠠᠨ ᠤ ᠠᠯᠪᠠᠨ ᠬᠡᠷ ᠤᠨ ᠰᠢᠪᠠᠳᠠᠨ ᠪᠠᠶᠢᠴᠠᠭᠠᠵᠤ ᠵᠠᠷᠯᠠᠨ ᠮᠡᠳᠡᠭᠳᠡᠵᠦ | ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠰᠢᠭᠦᠨ ᠲᠠᠰᠤᠯᠬᠤ | ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠪᠡᠯᠴᠢᠭᠡᠷ ᠵᠡᠷᠭᠡ ᠣᠷᠴᠢᠨ | ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠬᠡᠷᠡᠭ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠲᠥᠪ | ᠭᠤᠤᠯᠴᠢ ᠪᠠᠷ ᠰᠢᠭᠦᠨ ᠰᠢᠢᠳᠪᠦᠷᠢᠯᠡᠵᠦ᠂ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ | ᠢᠳᠡᠪᠬᠢᠲᠡᠶ ᠣᠷᠣᠯᠴᠠᠵᠤ᠂ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | ︵ᠭᠤᠷᠪᠠ︶ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠨᠢᠭᠡ ᠳᠤ᠂ ᠰᠢᠨ᠎ᠡ ᠢᠷᠭᠡᠨ ᠤ ᠵᠠᠷᠭᠤ ᠶᠢᠨ ᠬᠠᠤᠯᠢ ᠶᠢ ᠰᠤᠷᠤᠯᠴᠠᠵᠤ ᠬᠡᠷᠡᠭᠯᠡᠬᠦ ᠶᠢ ᠰᠠᠶᠢᠲᠤᠷ ᠬᠢᠬᠦ ᠬᠡᠷᠡᠭᠲᠡᠶ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠵᠠᠷᠭᠤ ᠶᠢᠨ ᠬᠠᠤᠯᠢ︾ ᠶᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠪᠦᠬᠦ | ᠬᠤᠷᠢᠶᠠᠨ ᠤ ᠺᠠᠳ᠋ᠷ ᠴᠠᠭᠳᠠᠭ᠎ᠠ ᠨᠠᠷ ᠢ ᠵᠣᠬᠢᠶᠠᠨ ᠪᠠᠶᠢᠭᠤᠯᠤᠨ ᠰᠢᠨ᠎ᠡ ᠢᠷᠭᠡᠨ ᠤ ᠵᠠᠷᠭᠤ ᠶᠢᠨ ᠬᠠᠤᠯᠢ ᠶᠢ ᠨᠠᠷᠢᠨ | ᠬᠢᠨᠠᠮᠠᠭᠠᠶ ᠰᠤᠷᠤᠯᠴᠠᠭᠤᠯᠵᠤ᠂ ᠬᠡᠷᠡᠭ ᠤᠨ ᠶᠠᠷᠰᠢᠭ ᠲᠦᠪᠡᠭ ᠢ ᠰᠠᠯᠭᠠᠬᠤ ᠶᠠᠪᠤᠳᠠᠯ ᠢ ᠤᠯᠠᠮ ᠨᠢᠭᠡ ᠠᠯᠬᠤᠮ | ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷᠢᠬᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠲᠦᠯᠬᠢᠨ ᠠᠬᠢᠭᠤᠯᠬᠤ ᠬᠡᠷᠡᠭᠲᠡᠶ᠃ ᠢᠷᠭᠡᠨ ᠤ ᠪᠠ ᠬᠤᠳᠠᠯᠳᠤᠭᠠᠨ ᠤ ᠬᠡᠷᠡᠭ᠂ ᠢᠯᠠᠩᠭᠤᠶ᠎ᠠ ᠠᠵᠤ ᠠᠬᠤᠶᠢᠯᠠᠯ ᠳᠤ | ᠬᠤᠯᠪᠣᠭᠳᠠᠭᠰᠠᠨ ᠬᠡᠷᠡᠭ ᠢ ᠤᠯᠠᠮ ᠨᠢᠭᠡ ᠠᠯᠬᠤᠮ ᠰᠠᠶᠢᠲᠤᠷ ᠰᠢᠭᠦᠨ ᠰᠢᠢᠳᠪᠦᠷᠢᠯᠡᠵᠦ᠂ ᠢᠷᠭᠡᠨ ᠤ ᠬᠡᠷᠡᠭ ᠤᠨ | ᠰᠢᠭᠦᠨ ᠲᠠᠰᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ | ᠲᠣᠭᠲᠠᠭᠠᠭᠰᠠᠨ ᠰᠢᠭᠦᠬᠦ ᠬᠤᠭᠤᠴᠠᠭ᠎ᠠ ᠶᠢᠨ ᠳᠣᠲᠣᠷ᠎ᠠ ᠬᠡᠷᠡᠭ ᠢ ᠳᠠᠭᠤᠰᠬᠠᠬᠤ ᠨᠤᠷᠮ᠎ᠠ ᠶᠢ 100% ᠪᠠᠷ ᠦᠨᠡᠨ | ᠬᠦ ᠪᠠᠲᠤᠯᠠᠵᠤ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠨᠡᠩ ᠰᠢᠯᠢᠳᠡᠭ ᠰᠠᠶᠢᠨ ᠣᠷᠴᠢᠨ ᠨᠥᠬᠦᠴᠡᠯ ᠢ | ᠪᠤᠢ ᠪᠣᠯᠭᠠᠨ᠎ᠠ᠃ | ᠬᠤᠶᠠᠷ ᠲᠤ᠂ ᠬᠤᠳᠠᠯ ᠬᠠᠭᠤᠷᠮᠠᠭ ᠵᠠᠷᠭᠤ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ | ᠬᠡᠷᠡᠭᠲᠡᠶ᠃ ᠢᠷᠭᠡᠨ ᠤ ᠵᠠᠷᠭᠤ ᠶᠢᠨ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠬᠠᠤᠯᠢ ᠶᠣᠰᠣᠭᠠᠷ | ᠲᠤᠭᠤᠰᠢᠯᠠᠭᠤᠯᠵᠤ᠂ ᠬᠤᠳᠠᠯ ᠬᠠᠭᠤᠷᠮᠠᠭ ᠢᠶᠠᠷ ᠵᠠᠷᠭᠤᠯᠳᠤᠬᠤ᠂ ᠮᠠᠭᠤ ᠰᠠᠨᠠᠭ᠎ᠠ ᠲᠠᠢ ᠪᠠᠷ ᠵᠠᠷᠭᠤᠯᠳᠤᠬᠤ᠂ ᠶᠣᠰᠣ | ᠪᠤᠰᠤ ᠪᠠᠷ ᠵᠢᠭᠤᠷᠠᠯᠳᠤᠨ ᠵᠠᠷᠭᠤᠯᠳᠤᠬᠤ ᠠᠵᠢᠯᠯᠠᠭ᠎ᠠ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ | ᠬᠤᠳᠠᠯ ᠬᠠᠭᠤᠷᠮᠠᠭ ᠢᠶᠠᠷ ᠵᠠᠷᠭᠤᠯᠳᠤᠬᠤ ᠶᠢᠨ ᠣᠷᠣᠰᠢᠬᠤ ᠣᠷᠣᠨ ᠵᠠᠶ ᠶᠢ ᠪᠠᠭᠠᠰᠬᠠᠵᠤ᠂ ᠬᠤᠳᠠᠯ ᠬᠠᠭᠤᠷᠮᠠᠭ ᠢᠶᠠᠷ | ᠵᠠᠷᠭᠤᠯᠳᠤᠬᠤ ᠶᠢᠨ ᠪᠤᠢ ᠪᠣᠯᠬᠤ ᠬᠥᠷᠥᠰᠥ ᠰᠢᠷᠣᠶ ᠶᠢ ᠠᠷᠢᠯᠭᠠᠨ᠎ᠠ᠃ ᠠᠷᠠᠳ ᠤᠯᠠᠨ ᠤ ᠬᠠᠤᠯᠢ ᠶᠣᠰᠣᠭᠠᠷ ᠦᠨᠡᠨᠴᠢ | ᠢᠲᠡᠭᠡᠮᠵᠢᠲᠡᠶ ᠪᠠᠷ ᠵᠠᠷᠭᠤᠯᠳᠤᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠬᠠᠤᠯᠢ ᠴᠠᠭᠠᠵᠠ ᠶᠢ ᠳᠡᠯᠡᠬᠡᠶ | ᠳ᠋ᠠᠬᠢᠨ ᠢ ᠠᠮᠤᠷᠵᠢᠭᠤᠯᠵᠤ᠂ ᠶᠣᠰᠣ ᠮᠣᠷᠠᠯ ᠢᠶᠠᠷ ᠬᠥᠮᠦᠰ ᠤᠨ ᠰᠡᠳᠬᠢᠯ ᠢ ᠤᠮᠳᠠᠯᠠᠭᠤᠯᠵᠤ᠂ ᠦᠨᠡᠨᠴᠢ ᠢᠲᠡᠭᠡᠮᠵᠢᠲᠡᠶ | ᠪᠠᠶᠢᠬᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠤᠨ᠎ᠠ᠃ | ᠭᠤᠷᠪᠠ ᠳᠤ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠲᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠠᠵᠢᠯ ᠤᠨ ᠪᠠᠶᠢᠷᠢᠰᠢᠯ᠂ ᠠᠷᠭ᠎ᠠ ᠵᠠᠮ ᠵᠢᠴᠢ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠶᠢ ᠡᠭᠦᠳᠴᠦ᠂ ᠲᠡᠭᠦᠯᠳᠡᠷᠵᠢᠭᠦᠯᠵᠦ | ᠂ ᠭᠤᠣᠯᠳᠠᠯᠭ᠎ᠠ ᠲᠠᠢ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠠᠵᠢᠯ ᠢ | ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠪᠠ ᠡᠭᠦᠰᠦᠮᠡᠯ ᠬᠡᠷᠡᠭ ᠢ ᠡᠬᠢ ᠡᠭᠦᠰᠦᠯ ᠠᠴᠠ ᠨᠢ ᠪᠠᠭᠠᠰᠬᠠᠬᠤ | ᠬᠡᠷᠡᠭᠲᠡᠶ᠃ 2022 ᠣᠨ ᠳᠤ ᠵᠠᠮ ᠬᠠᠷᠢᠯᠴᠠᠭ᠎ᠠ ᠳᠥᠭᠦᠮ ᠦᠭᠡᠢ ᠭᠠᠴᠠᠭ᠎ᠠ ᠲᠣᠰᠬᠤᠨ ᠳᠤ 10 ᠢᠨᠲ᠋ᠧᠷ | ᠰᠦᠯᠵᠢᠶ᠎ᠡ ᠶᠢᠨ ︽ᠡᠭᠦᠯᠡᠨ ᠳᠡᠭᠡᠷᠡᠬᠢ ᠰᠢᠭᠦᠬᠦ ᠲᠢᠩᠬᠢᠮ︾ ᠢ ᠪᠠᠶᠢᠭᠤᠯᠵᠤ᠂ ᠤᠶᠤᠨᠲᠤ ᠰᠢᠭᠦᠬᠦ ᠬᠤᠷᠢᠶ᠎ᠠ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠮᠠᠯᠴᠢᠨ ᠲᠠᠷᠢᠶᠠᠴᠢᠨ ᠤᠯᠠᠨ ᠲᠦᠮᠡᠨ ᠳᠤ | ᠳᠥᠭᠦᠮ ᠳᠥᠲᠡ᠂ ᠤᠨᠢᠨ ᠳᠡᠭᠡᠷ᠎ᠡ ᠨᠢ ᠤᠬᠠᠭᠠᠯᠢᠭ᠂ ᠥᠪᠡᠷ ᠤᠨ ᠦᠷᠳᠡᠭ ᠢᠶᠠᠷ ᠳᠣᠣᠷ᠎ᠠ᠂ ᠤᠯᠠᠨ | ᠶᠠᠩᠵᠤᠴᠢᠯᠠᠭᠰᠠᠨ᠂ ︽ᠨᠢᠭᠡ ᠦᠷᠳᠡᠭᠡ ᠶᠢᠨ ᠮᠠᠶ᠋ᠢᠭ︾ ᠤᠨ ᠵᠠᠷᠭᠤ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ | ᠃ | ︵ᠲᠦᠷᠪᠡ︶ ᠴᠢᠩᠭ᠎ᠠ ᠬᠠᠮᠢᠶᠠᠷᠴᠤ ᠦᠷ᠎ᠡ ᠠᠰᠢᠭ ᠢ ᠨᠡᠮᠡᠭᠳᠡᠭᠦᠯᠬᠦ ᠳᠤ ᠰᠠᠭᠤᠷᠢᠯᠠᠨ᠂ ᠡᠩᠨᠡᠭᠡᠨ ᠤ ᠬᠡᠪ | ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ | ᠨᠢᠭᠡ ᠳᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠯᠤᠰ | ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠨᠠᠮ ᠤᠨ ᠤᠯᠤᠰ ᠲᠦᠷᠦ ᠶᠢᠨ ᠤᠳᠤᠷᠢᠳᠤᠯᠭ᠎ᠠ ᠶᠢ ᠪᠠᠷᠢᠮᠲᠠᠯᠠᠵᠤ | ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠠᠮᠢ ᠠᠬᠤᠢ ᠶᠢ ᠬᠠᠳᠠᠭᠠᠯᠠᠵᠤ᠂ | ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃ ᠰᠢᠨ᠎ᠡ | ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ | ᠲᠦᠷᠦ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢ | ᠬᠦᠳᠦᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠬᠢᠵᠦ ᠦᠢᠯᠡᠰ ᠪᠤᠰᠬᠠᠬᠤ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠢ ᠴᠢᠩᠭᠠᠳᠬᠠᠬᠤ ᠬᠡᠷᠡᠭᠲᠡᠢ᠃ | ᠬᠤᠶᠠᠷ ᠲᠤ᠂ ᠳᠣᠲᠣᠭᠠᠳᠤ ᠳᠠᠭᠠᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠴᠢᠩᠭᠠᠳᠬᠠᠨ᠎ᠠ᠃ | ᠰᠢᠭᠦᠬᠦ ᠬᠤᠷᠢᠶᠠᠨ ᠤ ᠵᠠᠩᠭᠢᠯᠠᠭ᠎ᠠ ᠶᠢᠨ ᠠᠵᠢᠯ ᠤᠨ ᠪᠠᠶᠢᠷᠢ᠂ ᠠᠵᠢᠯᠳᠠᠨ ᠤ ᠶᠠᠪᠤᠳᠠᠯ ᠵᠣᠭᠤᠰ ᠮᠥᠩᠭᠦ ᠡᠳ᠋ | ᠪᠣᠳᠠᠰ ᠤᠨ ᠭᠤᠣᠯᠳᠠᠯᠭ᠎ᠠ ᠲᠠᠢ ᠲᠤᠰᠢᠶᠠᠯ ᠤᠨ ᠪᠠᠶᠢᠷᠢ᠂ ᠠᠷᠠᠳ ᠤᠨ ᠰᠢᠭᠦᠬᠦ ᠲᠢᠩᠬᠢᠮ ᠤᠨ ᠰᠢᠭᠦᠨ | ᠭᠦᠢᠴᠡᠳᠬᠡᠭᠴᠢ ᠠᠵᠢᠯᠳᠠᠨ ᠤ ᠡᠮᠬᠢ ᠵᠢᠷᠤᠮ ᠲᠠᠢ ᠰᠣᠯᠢᠯᠴᠠᠭ᠎ᠠ ᠶᠢ ᠲᠦᠯᠬᠢᠨ ᠠᠬᠢᠭᠤᠯᠵᠤ᠂ ᠡᠩᠨᠡᠭᠡᠨ ᠤ | ᠠᠮᠢᠳᠤᠯᠢᠭ ᠰᠣᠯᠢᠯᠴᠠᠭ᠎ᠠ ᠰᠢᠯᠤᠭᠤᠨ ᠪᠤᠰᠤ᠂ ᠰᠣᠯᠢᠯᠴᠠᠭ᠎ᠠ ᠴᠥᠭᠡᠨ ᠪᠠᠶᠢᠬᠤ᠂ ᠰᠣᠯᠢᠯᠴᠠᠭ᠎ᠠ ᠬᠦᠴᠦᠨ ᠦᠭᠡᠢ | ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠣᠯᠢᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠠᠵᠢᠯᠳᠠᠨ ᠤ ᠰᠣᠯᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠰᠢᠭᠦᠬᠦ | ᠬᠤᠷᠢᠶᠠᠨ ᠤ ᠠᠵᠢᠯᠳᠠᠨ ᠤ ᠰᠣᠯᠢᠯᠴᠠᠭ᠎ᠠ ᠶᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠲᠦᠯᠬᠢᠨ | ᠠᠬᠢᠭᠤᠯᠵᠤ᠂ ᠴᠢᠬᠤᠯᠠ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ | ᠴᠠᠭ ᠲᠤᠬᠠᠶ ᠳᠤᠨᠢ ᠲᠣᠬᠢᠲᠠᠶ ᠰᠡᠷᠭᠡᠶᠢᠯᠡᠨ᠎ᠡ᠃ | ᠭᠤᠷᠪᠠ ᠳᠤ᠂ ᠬᠠᠤᠯᠢ ᠶᠢᠨ ᠲᠤᠰᠢᠶᠠᠯᠲᠠᠨ ᠤ ᠠᠵᠢᠯ ᠤᠨ ᠪᠦᠲᠦᠮᠵᠢ ᠶᠢ ᠦᠨᠡᠯᠡᠬᠦ ᠠᠵᠢᠯ ᠢ ᠴᠢᠩᠭᠠᠳᠬᠠᠨ᠎ᠠ᠃ | ᠰᠢᠭᠦᠨ ᠲᠠᠰᠤᠯᠬᠤ ᠠᠵᠢᠯ ᠤᠨ ᠵᠢᠮ᠎ᠡ ᠶᠣᠰᠣ ᠶᠢ ᠪᠠᠷᠢᠮᠲᠠᠯᠠᠨ ᠵᠢᠷᠤᠮᠯᠠᠵᠤ᠂ ᠰᠢᠭᠦᠨ ᠲᠠᠰᠤᠯᠬᠤ ᠲᠤᠬᠠᠶᠢᠯᠠᠭᠰᠠᠨ | ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠠᠭᠤᠯᠭ᠎ᠠ ᠲᠠᠢ ᠨᠢᠭᠲᠠ ᠤᠶᠠᠯᠳᠤᠭᠤᠯᠤᠨ᠂ | ᠬᠡᠷᠡᠭ ᠰᠢᠢᠳᠪᠦᠷᠢᠯᠡᠭᠰᠡᠨ ᠲᠤᠭ᠎ᠠ ᠬᠡᠮᠵᠢᠶ᠎ᠡ᠂ ᠬᠡᠷᠡᠭ ᠰᠢᠢᠳᠪᠦᠷᠢᠯᠡᠭᠰᠡᠨ ᠶᠠᠰᠤ ᠴᠢᠨᠠᠷ᠂ ᠬᠡᠷᠡᠭ | ᠰᠢᠢᠳᠪᠦᠷᠢᠯᠡᠭᠰᠡᠨᠬᠤᠷᠳᠤᠴᠠ᠂ ᠬᠡᠷᠡᠭ ᠰᠢᠢᠳᠪᠦᠷᠢᠯᠡᠭᠰᠡᠨ ᠦᠷ᠎ᠡ ᠪᠦᠲᠦᠮᠵᠢ᠂ ᠬᠡᠷᠡᠭ ᠰᠢᠢᠳᠪᠦᠷᠢᠯᠡᠭᠰᠡᠨ ᠦᠷ᠎ᠡ | ᠪᠦᠲᠦᠮᠵᠢ ᠵᠡᠷᠭᠡ ᠲᠦᠷᠪᠡᠨ ᠲᠠᠯ᠎ᠠ ᠠᠴᠠ ᠬᠠᠤᠯᠢ ᠶᠢᠨ ᠲᠤᠰᠢᠶᠠᠯᠲᠠᠨ ᠤ ᠬᠡᠷᠡᠭ ᠰᠢᠢᠳᠪᠦᠷᠢᠯᠡᠭᠰᠡᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ ᠭᠦᠢᠴᠡᠳᠬᠡᠬᠦ ᠲᠤᠭ᠎ᠠ ᠶᠢᠨ | ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠭᠲᠠᠭᠠᠵᠤ᠂ ᠬᠢᠬᠦ ᠪᠠ ᠡᠰᠡ ᠬᠢᠬᠦ᠂ ᠰᠠᠶᠢᠨ ᠬᠢᠵᠦ | ᠮᠠᠭᠤ ᠬᠢᠬᠦ᠂ ᠢᠯᠡᠭᠦᠦ ᠬᠢᠵᠦ ᠳᠤᠲᠠᠭᠤ ᠬᠢᠬᠦ ᠨᠢᠭᠡ ᠯᠡ ᠠᠳᠠᠯᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ | ᠂ ᠬᠠᠤᠯᠢ ᠶᠢᠨ ᠲᠤᠰᠢᠶᠠᠯᠲᠠᠨ ᠤ ᠬᠡᠷᠡᠭ ᠢᠯᠡᠭᠦᠦ ᠰᠢᠢᠳᠪᠦᠷᠢᠯᠡᠵᠦ᠂ ᠬᠡᠷᠡᠭ ᠢ ᠰᠠᠶᠢᠲᠤᠷ ᠰᠢᠢᠳᠪᠦᠷᠢᠯᠡᠬᠦ ᠶᠢ | ᠤᠷᠮᠠᠰᠢᠭᠤᠯᠤᠨ ᠵᠣᠷᠢᠭᠵᠢᠭᠤᠯᠤᠨ᠎ᠠ᠃ ᠬᠢᠨᠠᠨ ᠰᠢᠯᠭᠠᠭᠰᠠᠨ ᠦᠷ᠎ᠡ ᠳ᠋ᠦᠩ ᠢ ᠬᠠᠤᠯᠢ ᠶᠢᠨ ᠲᠤᠰᠢᠶᠠᠯᠲᠠᠨ ᠤ ᠵᠡᠷᠭᠡ | ᠳᠡᠰ ᠲᠠᠢ ᠲᠣᠬᠢᠷᠠᠭᠤᠯᠬᠤ᠂ ᠠᠵᠢᠯᠲᠠᠨ ᠤ ᠲᠤᠭ᠎ᠠ ᠶᠢ ᠭᠠᠷᠭᠠᠬᠤ᠂ ᠠᠵᠢᠯ ᠤᠨ ᠪᠦᠲᠦᠮᠵᠢ ᠶᠢᠨ ᠱᠠᠩᠨᠠᠯ ᠤᠨ | ᠮᠥᠩᠭᠦ ᠶᠢᠨ ᠬᠤᠪᠢᠶᠠᠷᠢᠯᠠᠯᠲᠠ ᠲᠠᠢ ᠨᠢᠭᠲᠠ ᠬᠤᠯᠪᠣᠵᠤ᠂ ᠬᠢᠨᠠᠨ ᠰᠢᠯᠭᠠᠬᠤ ᠪᠠᠷ ᠳᠠᠮᠵᠢᠭᠤᠯᠤᠨ ᠠᠵᠢᠯᠲᠠᠨ ᠤ | ᠲᠤᠭ᠎ᠠ ᠶᠢ ᠣᠷᠣᠭᠤᠯᠵᠤ ᠪᠣᠯᠬᠤ ᠮᠥᠷᠲᠡᠭᠡᠨ ᠭᠠᠷᠭᠠᠵᠤ ᠪᠣᠯᠬᠤ ᠶᠢ ᠲᠦᠯᠬᠢᠨ ᠠᠬᠢᠭᠤᠯᠵᠤ᠂ ᠰᠢᠯᠢᠳᠡᠭ ᠬᠠᠤᠯᠢ ᠶᠢᠨ | ᠲᠤᠰᠢᠶᠠᠯᠲᠠᠨ ᠢ ᠬᠥᠳᠡᠯᠭᠡᠬᠦ ᠬᠦᠴᠦᠨ ᠲᠠᠢ ᠪᠣᠯᠭᠠᠵᠤ᠂ ᠡᠭᠦᠷᠭᠡᠯᠡᠵᠦ ᠳᠡᠶᠢᠯᠬᠦ ᠦᠭᠡᠢ ᠬᠥᠮᠦᠰ ᠢ ᠳᠠᠷᠤᠯᠲᠠ ᠲᠠᠢ | ᠪᠣᠯᠭᠠᠵᠤ᠂ ᠬᠠᠤᠯᠢ ᠶᠢᠨ ᠲᠤᠰᠢᠶᠠᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠬᠤ ᠬᠡᠷᠡᠭᠲᠡᠶ᠃ | ᠲᠥᠯᠥᠭᠡᠯᠡᠭᠴᠢᠳ ᠡ᠂ ᠴᠠᠭ ᠦᠶ᠎ᠡ ᠬᠥᠮᠦᠰ ᠢ ᠡᠷᠡᠯᠬᠡᠭᠯᠡᠨ ᠤᠷᠤᠭᠰᠢᠯᠠᠭᠤᠯᠵᠤ᠂ ᠡᠭᠦᠷᠭᠡ ᠬᠠᠷᠢᠭᠤᠴᠠᠯᠭ᠎ᠠ | ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠰᠢᠭᠦᠬᠦ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠨ ᠬᠠᠤᠯᠢ ᠬᠠᠤᠯᠢ | ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ︽ᠠᠷᠠᠳ | ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠷᠠᠳ | ᠤᠯᠠᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ | ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠯᠠᠨ ᠤ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠢᠮᠠᠭᠲᠠ | ᠰᠡᠳᠬᠢᠯ ᠳᠡᠭᠡᠨ ᠴᠡᠭᠡᠵᠢᠯᠡᠵᠦ᠂ ᠰᠢᠭᠦᠨ ᠲᠠᠰᠤᠯᠬᠤ ᠭᠦᠢᠴᠡᠳᠬᠡᠬᠦ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ | ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠡᠷᠡᠰ ᠪᠠᠲᠤ ᠵᠣᠷᠢᠭ᠂ ᠬᠡᠬᠦᠳᠡᠭ ᠳᠦᠭᠦᠷᠡᠩ ᠦᠨᠡᠨᠴᠢ ᠰᠢᠳᠤᠷᠭᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠥᠰᠥ ᠵᠣᠷᠢᠭ ᠢᠶᠠᠷ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤ᠂ | ᠠᠮᠤᠷ ᠠᠮᠤᠭᠤᠯᠠᠩ ᠡᠮᠦᠨᠡᠲᠦ ᠬᠤᠰᠢᠭᠤ ᠶᠢ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠲᠠᠶᠢᠯᠪᠤᠷᠢᠯᠠᠯᠲᠠ᠄ | ᠬᠡᠷᠡᠭ ᠳᠠᠭᠤᠰᠬᠠᠭᠰᠠᠨ ᠨᠣᠷᠮ᠎ᠠ᠄ ᠠᠷᠠᠳ ᠤᠨ ᠳᠡᠭᠡᠳᠦ ᠰᠢᠭᠦᠬᠦ ᠬᠤᠷᠢᠶᠠᠨ ᠤ 2021 ᠣᠨ ᠤ ᠶᠠᠰᠤ ᠴᠢᠨᠠᠷ | ᠦᠷ᠎ᠡ ᠪᠦᠲᠦᠮᠵᠢ ᠶᠢ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠦᠨᠳᠦᠰᠦᠯᠡᠨ᠂ 2021 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠨ ᠰᠢᠭᠦᠬᠦ ᠬᠤᠷᠢᠶᠠᠨ ᠤ ᠭᠥᠯᠢᠶᠡᠨ ᠠᠪᠴᠤ ᠰᠢᠢᠳᠪᠦᠷᠢᠯᠡᠭᠰᠡᠨ ᠬᠡᠷᠡᠭ ᠤᠨ | ᠲᠤᠭ᠎ᠠ ᠶᠢ 2022 ᠣᠨ ᠳᠤ ᠪᠤᠳᠤᠵᠤ ᠣᠷᠣᠭᠤᠯᠤᠨ᠎ᠠ᠂ 12 ᠰᠠᠷ᠎ᠠ ᠶᠢᠨ ᠬᠡᠷᠡᠭ ᠳᠠᠭᠤᠰᠬᠠᠭᠰᠠᠨ ᠲᠤᠭ᠎ᠠ ᠶᠢ | 2021 ᠣᠨ ᠳᠤ ᠪᠤᠳᠤᠵᠤ ᠣᠷᠣᠭᠤᠯᠤᠨ᠎ᠠ᠂ ᠬᠡᠷᠡᠭ ᠭᠥᠯᠢᠶᠡᠨ ᠠᠪᠤᠭᠰᠠᠨ ᠲᠤᠭ᠎ᠠ ᠶᠢᠨ ᠳᠠᠭᠤᠰᠬᠤ ᠴᠠᠭ ᠨᠢ 11 | ᠰᠠᠷ᠎ᠠ ᠶᠢᠨ 30 ᠤ ᠡᠳᠦᠷ᠂ 12 ᠰᠠᠷ᠎ᠠ ᠳᠤ ᠰᠢᠨ᠎ᠡ ᠪᠠᠷ ᠭᠠᠷᠳᠠᠭᠰᠠᠨ ᠬᠡᠷᠡᠭ ᠤᠨ ᠲᠤᠭ᠎ᠠ ᠨᠢ ᠬᠠᠭᠤᠴᠢᠨ | ᠰᠢᠢᠳᠪᠦᠷᠢᠯᠡᠵᠦ ᠳᠠᠭᠤᠰᠤᠭᠠᠳᠤᠶ ᠬᠡᠷᠡᠭ ᠤᠨ ᠲᠤᠭ᠎ᠠ ᠠᠴᠠ ᠥᠨᠳᠥᠷ ᠤᠴᠢᠷ ᠠᠴᠠ ᠬᠡᠷᠡᠭ ᠳᠠᠭᠤᠰᠬᠠᠭᠰᠠᠨ | ᠨᠣᠷᠮ᠎ᠠ ᠨᠢ 100% ᠶᠢ ᠳᠠᠪᠠᠭᠰᠠᠨ ᠪᠠᠶᠢᠨ᠎ᠠ᠃ | ︽ᠨᠢᠭᠡ ᠯᠡ ᠥᠷᠲᠡᠭᠡᠨ ᠤ ᠬᠡᠯᠪᠡᠷᠢ︾ ᠶᠢᠨ ᠵᠠᠷᠭᠤ ᠶᠢᠨ ᠦᠢᠯᠡᠴᠢᠯᠡᠭᠡ ᠪᠣᠯᠤᠨ ᠵᠢᠭᠤᠷᠠᠯᠳᠤᠭᠠᠨ ᠢ ᠣᠯᠠᠨ | ᠲᠠᠯ᠎ᠠ ᠪᠠᠷ ᠰᠢᠢᠳᠪᠦᠷᠢᠯᠡᠨ᠎ᠡ᠄ ᠠᠷᠠᠳ ᠤᠨ ᠰᠢᠭᠦᠬᠦ ᠬᠤᠷᠢᠶ᠎ᠠ ᠵᠠᠷᠭᠤ ᠶᠢᠨ ᠦᠢᠯᠡᠴᠢᠯᠡᠭᠡᠨ ᠤ ᠠᠵᠢᠯ ᠪᠣᠯᠤᠨ ᠣᠳᠣ | ᠦᠶ᠎ᠡ ᠶᠢᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠪᠦᠬᠦ ᠲᠠᠯ᠎ᠠ ᠪᠠᠷ ᠠᠬᠢᠭᠤᠯᠵᠤ᠂ ᠢᠨᠲ᠋ᠧᠷ ᠰᠦᠯᠵᠢᠶᠡᠨ ᠤ | ᠰᠡᠳᠬᠢᠬᠦᠶ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ᠂ ᠲᠣᠮᠣ ᠳ᠋ᠠᠶᠢᠲ᠋ᠠ ᠶᠢᠨ ᠮᠡᠷᠭᠡᠵᠢᠯ ᠢᠶᠠᠷ ᠵᠠᠷᠭᠤ ᠶᠢᠨ | ᠦᠢᠯᠡᠴᠢᠯᠡᠭᠡᠨ ᠤ ᠣᠶᠤᠨ ᠤᠬᠠᠭᠠᠨ ᠤ ᠳᠡᠰ ᠳᠠᠪᠰᠢᠯᠲᠠ ᠶᠢ ᠠᠬᠢᠭᠤᠯᠵᠤ᠂ ᠤᠯᠠᠨ ᠵᠦᠢᠯ ᠤᠨ ᠵᠠᠷᠭᠤ ᠶᠢᠨ | ᠴᠢᠳᠠᠮᠵᠢ ᠶᠢ ᠰᠦᠯᠵᠢᠶᠡᠨ ᠭᠠᠳᠠᠨ᠎ᠠ ᠠᠴᠠ ᠰᠦᠯᠵᠢᠶᠡᠨ ᠳᠡᠭᠡᠷ᠎ᠡ ᠰᠢᠯᠵᠢᠭᠦᠯᠵᠦ᠂ ᠠᠷᠠᠳ ᠤᠨ ᠡᠶᠡᠳᠡᠭᠦᠯᠭᠡ ᠪᠠᠷ | ᠭᠤᠣᠯ ᠪᠣᠯᠭᠠᠵᠤ᠂ ᠬᠥᠳᠡᠯᠮᠦᠷᠢ ᠶᠢᠨ ᠬᠥᠨᠳᠡᠯᠡᠨ ᠤ ᠲᠠᠰᠤᠯᠤᠯᠳᠠ᠂ ᠪᠠᠩᠬᠢ ᠶᠢᠨ ᠳᠠᠭᠠᠳᠬᠠᠯ᠂ ᠰᠦᠯᠵᠢᠶᠡᠨ ᠤ | ᠠᠷᠠᠯᠵᠢᠶ᠎ᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠲᠦᠷᠦᠯᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ | ᠲᠠᠪᠴᠠᠩ ᠢᠶᠠᠷ ᠭᠤᠣᠯ ᠪᠣᠯᠭᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠲᠦ ᠲᠠᠪᠴᠠᠩ ᠤᠨ ᠰᠢᠰᠲ᠋ᠧᠮ ᠢ | ᠪᠤᠢ ᠪᠣᠯᠭᠠᠵᠤ᠂ ᠠᠷᠠᠳ ᠤᠯᠠᠨ ᠳᠤ ᠵᠢᠭᠤᠷᠠᠯᠳᠤᠭᠠᠨ ᠢ ᠰᠢᠢᠳᠪᠦᠷᠢᠯᠡᠬᠦ ︽ᠲᠣᠪᠶᠤᠭ ᠤᠨ ᠬᠡᠯᠪᠡᠷᠢ︾ ᠶᠢᠨ | ᠦᠢᠯᠡᠴᠢᠯᠡᠭᠡ ᠬᠠᠩᠭᠠᠵᠤ᠂ ᠲᠣᠭᠠᠨ ᠤ ᠰᠢᠳᠤᠷᠭᠤ ᠶᠣᠰᠣ ᠪᠠᠷ ᠨᠡᠩ ᠥᠨᠳᠥᠷ ᠬᠢᠷᠢ ᠲᠦᠪᠰᠢᠨ ᠪᠦᠬᠦᠢ ᠲᠥᠪ | ᠭᠤᠣᠯᠴᠢ ᠰᠢᠳᠤᠷᠭᠤ ᠶᠣᠰᠣ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ | ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠭᠡ ᠶᠢᠨ ᠲᠠᠪᠴᠠᠩ᠄ ᠰᠢᠭᠦᠬᠦ ᠬᠤᠷᠢᠶᠠᠨ ᠤ ᠰᠢᠭᠦᠨ | ᠲᠠᠰᠤᠯᠤᠯᠲᠠ ᠶᠢᠨ ᠡᠶᠡᠳᠡᠭᠦᠯᠭᠡ ᠶᠢᠨ ᠡᠬᠢ ᠪᠠᠶᠠᠯᠢᠭ ᠪᠠ ᠪᠦᠬᠦ ᠨᠡᠶᠢᠭᠡᠮ ᠤᠨ ᠵᠢᠭᠤᠷᠠᠯᠳᠤᠭᠠᠨ ᠢ ᠰᠢᠢᠳᠪᠦᠷᠢᠯᠡᠬᠦ | ᠡᠬᠢ ᠪᠠᠶᠠᠯᠢᠭ ᠢ ᠴᠤᠭᠯᠠᠭᠤᠯᠵᠤ᠂ ᠵᠢᠭᠤᠷᠠᠯᠳᠤᠭᠠᠨ ᠢ ᠰᠢᠢᠳᠪᠦᠷᠢᠯᠡᠬᠦ ᠡᠶᠡᠳᠡᠭᠦᠯᠭᠡ ᠶᠢᠨ ᠠᠵᠢᠯ ᠢ ᠬᠠᠮᠲᠤ ᠪᠠᠷ | ᠰᠠᠶᠢᠲᠤᠷ ᠬᠢᠵᠦ᠂ ᠰᠦᠯᠵᠢᠶᠡᠨ ᠳᠡᠭᠡᠷ᠎ᠡ ᠡᠶᠡᠳᠡᠭᠦᠯᠭᠡ ᠶᠢᠨ ᠬᠡᠯᠡᠯᠴᠡᠭᠡᠷ ᠵᠣᠬᠢᠶᠠᠬᠤ ᠪᠠ ᠬᠠᠤᠯᠢ ᠴᠠᠭᠠᠵᠠ ᠶᠢᠨ | ᠨᠤᠲᠠᠯᠠᠯᠲᠠ ᠬᠢᠬᠦ᠂ ᠡᠶᠡᠳᠡᠭᠦᠯᠦᠭᠡᠳ ᠪᠦᠲᠦᠭᠰᠡᠨ ᠦᠭᠡᠢ᠂ ᠰᠦᠯᠵᠢᠶᠡᠨ ᠳᠡᠭᠡᠷ᠎ᠡ ᠬᠡᠷᠡᠭ ᠪᠣᠯᠭᠠᠨ | ᠳᠠᠩᠰᠠᠯᠠᠭᠤᠯᠬᠤ ᠪᠠᠷ ᠭᠤᠶᠤᠴᠢᠯᠠᠬᠤ ᠴᠣ᠋ ᠰᠢᠨ᠎ᠡ ᠵᠠᠷᠭᠤ ᠶᠢᠨ ᠵᠠᠭᠪᠤᠷ ᠢ ᠪᠡᠶᠡᠯᠡᠭᠦᠯᠦᠨ᠎ᠡ᠃ |