ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶ᠎ᠠ  ᠶᠢᠨ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/2/17
ᠬᠤᠷᠴᠢᠨ  ᠪᠠᠷᠠᠭᠤᠨ  ᠭᠠᠷᠤᠨ  ᠡᠮᠦᠨᠡᠲᠦ  ᠬᠤᠰᠢᠭᠤᠨ  ᠤ  ᠠᠷᠪᠠᠨ ᠨᠠᠢᠮᠠᠳᠤᠭᠠᠷ  ᠬᠤᠭᠤᠴᠠᠭᠠᠨ  ᠤ ᠠᠷᠠᠳ ᠤᠨ ᠲᠦᠯᠦᠭᠡᠯᠡᠭᠴᠢᠳ ᠤᠨ ᠠᠩᠬᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠲᠤᠯᠤᠭ᠎ᠠ︶            ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ          ᠤᠨ ᠪᠠᠶᠢᠴᠠᠭᠠᠬᠤ  ᠬᠤᠷᠢᠶ᠎ᠠ   ᠶᠢᠨ  ᠠᠵᠢᠯ ᠤᠨ ᠮᠡᠳᠡᠭᠦᠯᠦᠯᠲᠡ                            — 2022 ᠣᠨ ᠤ 1 ᠰᠠᠷ᠎ᠠ ᠶᠢᠨ 8 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ  ᠤ   ᠠᠷᠠᠳ  ᠤᠨ  ᠲᠥᠯᠥᠭᠡᠯᠡᠭᠴᠢᠳ ᠤᠨ  ᠶᠡᠭᠡ  ᠬᠤᠷᠠᠯ  ᠤᠨ  ᠠᠩᠬᠠᠳᠤᠭᠠᠷ  ᠬᠤᠷᠠᠯᠳᠤᠭᠠᠨ  ᠳᠡᠭᠡᠷ᠎ᠡ     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠭᠴᠢ ᠳᠠᠷᠤᠭ᠎ᠠ    ᠯᠢᠦ ᠬᠠᠶ ᠶᠦᠩ    ᠲᠥᠯᠥᠭᠡᠯᠡᠭᠴᠢᠳ ᠡ᠄    ᠣᠳᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠤᠳᠤᠷᠢᠳᠤᠯᠭ᠎ᠠ ᠪᠣᠯᠤᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠲᠤᠬᠠᠶ ᠡᠷᠭᠢᠴᠡᠭᠦᠯᠦᠯ    2018 ᠣᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠦᠴᠦᠲᠡᠶ ᠬᠢᠨᠠᠯᠲᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨ ᠬᠦ ᠰᠤᠷᠤᠯᠴᠠᠨ ᠣᠶᠢᠯᠠᠭᠠᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠥᠭᠵᠢᠭᠦᠯᠬᠦ ᠪᠠᠷ ᠴᠢᠷᠮᠠᠶᠢᠬᠤ᠂ ᠥᠪᠡᠷ ᠢ ᠪᠠᠨ ᠬᠦᠴᠦᠷᠬᠡᠭᠵᠢᠭᠦᠯᠬᠦ ᠶᠢ ᠴᠢᠬᠤᠯᠠᠴᠢᠯᠠᠬᠤ︾ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠢᠲᠡᠭᠡᠯ ᠪᠢᠰᠢᠷᠡᠯ ᠤᠨ ᠰᠠᠭᠤᠷᠢ ᠪᠠᠨ ᠲᠠᠰᠤᠷᠠᠯᠳᠠ ᠦᠭᠡᠢ ᠪᠠᠲᠤᠳᠬᠠᠵᠤ᠂ ᠦᠵᠡᠯ ᠰᠠᠨᠠᠭᠠᠨ ᠤ ᠵᠠᠯᠠᠭᠤᠷ ᠢᠶᠠᠨ ᠣᠨᠣᠭᠠᠵᠤ᠂ ᠤᠷᠤᠭᠰᠢᠯᠠᠨ ᠲᠠᠪᠰᠢᠬᠤ ᠵᠣᠷᠢᠭ ᠢᠶᠠᠨ ᠬᠥᠪᠴᠢᠯᠡᠨ᠂ ᠪᠣᠳᠠᠲᠠᠶ ᠪᠠᠷ ᠠᠵᠢᠯᠯᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠡᠯ᠎ᠡ ᠵᠦᠢᠯ ᠤᠨ ᠪᠠᠶᠢᠴᠠᠭᠠᠬᠤ ᠠᠵᠢᠯ ᠢᠶᠠᠨ ᠢᠳᠡᠪᠬᠢᠲᠡᠶ ᠯᠠᠪᠳᠠᠭᠤᠨ ᠢᠶᠠᠷ ᠰᠠᠶᠢᠲᠤᠷ ᠬᠢᠪᠡ᠃    ︵ᠨᠢᠭᠡ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠪᠠᠶᠢᠴᠠᠭᠠᠬᠤ ᠠᠵᠢᠯ ᠤᠨ ᠴᠢᠩᠭ᠎ᠠ ᠡᠭᠦᠷᠭᠡᠯᠡᠯ ᠢᠶᠠᠷ ᠠᠮᠤᠭᠤᠯᠠᠩ ᠲᠠᠶᠢᠪᠤᠩ ᠡᠮᠦᠨᠡᠳᠦ ᠬᠤᠰᠢᠭᠤ ᠶᠢ ᠪᠥᠲᠥᠭᠡᠨ ᠪᠠᠶᠢᠭᠤᠯᠤᠨ᠎ᠠ    1. ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠡᠷᠡᠰ ᠦᠷᠨᠢᠭᠦᠯᠪᠡ    ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠷᠢᠶ᠎ᠠ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 3 ᠶᠠᠯᠠᠲᠤ ᠬᠡᠷᠡᠭ ᠤᠨ 3 ᠬᠥᠮᠦᠨ ᠢ ᠪᠠᠷᠢᠪᠴᠢᠯᠠᠬᠤ ᠶᠢ ᠬᠠᠤᠯᠢ ᠶᠣᠰᠣᠭᠠᠷ ᠵᠥᠪᠰᠢᠶᠡᠷᠡᠵᠦ᠂ 1 ᠬᠡᠷᠡᠭ ᠲᠤ ᠤᠷᠢᠳᠴᠢᠯᠠᠨ ᠣᠷᠣᠯᠴᠠᠵᠤ᠂ 3 ᠬᠡᠷᠡᠭ ᠤᠨ 45 ᠬᠥᠮᠦᠨ ᠳᠤ ᠠᠯᠪᠠᠨ ᠵᠠᠭᠠᠯᠳᠤᠯᠭ᠎ᠠ ᠬᠢᠵᠡᠢ᠃ ︽ᠰᠢᠬᠦᠷ ᠢ ᠨᠢ ᠠᠪᠴᠤ ᠲᠣᠣᠷ ᠢ ᠨᠢ ᠡᠪᠳᠡᠬᠦ︾᠂ ︽ᠡᠳ᠋ ᠮᠥᠩᠭᠦ ᠶᠢ ᠨᠢ ᠠᠪᠴᠤ ᠴᠢᠰᠤ ᠶᠢ ᠨᠢ ᠲᠠᠰᠤᠯᠬᠤ︾ ᠲᠠᠢ ᠤᠶᠠᠯᠳᠤᠭᠤᠯᠤᠨ ᠦᠷᠭᠦᠯᠵᠢᠯᠡᠨ ᠬᠦᠴᠦᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ 3 ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠪᠡ᠃ ︽ᠠᠵᠢᠯ ᠲᠦᠷᠦᠯ ᠤᠨ ᠡᠬᠢ ᠰᠤᠷᠪᠤᠯᠵᠢ ᠶᠢ ᠴᠡᠪᠡᠷᠯᠡᠬᠦ︾ ᠶᠢ ᠢᠳᠡᠪᠬᠢᠲᠡᠶ ᠪᠠᠷ ᠲᠦᠯᠬᠢᠨ ᠠᠬᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠠᠯᠳᠠᠰᠢ ᠪᠠ ᠠᠵᠢᠯ ᠲᠦᠷᠦᠯ ᠤᠨ ᠵᠠᠰᠠᠯᠲᠠ ᠶᠢᠨ ᠳᠤᠮᠳᠠᠬᠢ ᠪᠠᠭᠤᠷᠠᠶ ᠵᠠᠩᠭᠢᠯᠠᠭ᠎ᠠ ᠳᠤ ᠴᠢᠭᠯᠡᠭᠦᠯᠦᠨ 4 ᠬᠤᠪᠢ ᠪᠠᠶᠢᠴᠠᠭᠠᠬᠤ ᠰᠠᠨᠠᠭᠤᠯᠭ᠎ᠠ ᠶᠢ ᠭᠠᠷᠭᠠᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠤᠷᠢᠳᠴᠢᠯᠠᠨ ᠣᠷᠣᠯᠴᠠᠬᠤ ᠲᠦᠷᠢᠮ︾᠂ ︽ᠶᠡᠭᠡ ᠭᠤᠷᠪᠠᠨ ᠳᠠᠷᠤᠭ᠎ᠠ︾ ︽ᠪᠠᠭ᠎ᠠ ᠭᠤᠷᠪᠠᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠶᠢ ᠠᠬᠢᠭᠤᠯᠤᠪᠠ᠃    2. ᠬᠦᠨᠳᠦ ᠶᠡᠭᠡ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ    ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠤᠨ ᠵᠠᠯᠬᠠᠭᠠᠨ ᠰᠢᠢᠳᠭᠡᠬᠦ ᠪᠠ ᠰᠦᠷᠳᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ 2018 ᠣᠨ ᠠᠴᠠ ᠨᠠᠰᠢ᠂ ᠮᠠᠨ ᠤ ᠬᠤᠷᠢᠶ᠎ᠠ 493 ᠬᠡᠷᠡᠭ᠂ 652 ᠬᠥᠮᠦᠨ ᠢ ᠬᠢᠨᠠᠨ ᠪᠠᠶᠢᠴᠠᠭᠠᠵᠤ ᠪᠠᠷᠢᠪᠴᠢᠯᠠᠭᠤᠯᠬᠤ ᠪᠠᠷ ᠬᠦᠯᠢᠶᠡᠨ ᠠᠪᠴᠤ᠂ 386 ᠬᠡᠷᠡᠭ᠂ 493 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠪᠡ᠃ ᠬᠢᠨᠠᠨ ᠪᠠᠶᠢᠴᠠᠭᠠᠵᠤ ᠵᠠᠭᠠᠯᠳᠤᠭᠰᠠᠨ 1710 ᠬᠡᠷᠡᠭ ᠤᠨ 2103 ᠬᠥᠮᠦᠨ ᠢ ᠬᠦᠯᠢᠶᠡᠨ ᠠᠪᠴᠤ ᠰᠢᠢᠳᠪᠤᠷᠢᠯᠡᠵᠦ᠂ 1492 ᠬᠡᠷᠡᠭ ᠤᠨ 1847 ᠬᠥᠮᠦᠨ ᠳᠤ ᠠᠯᠪᠠᠨ ᠵᠠᠭᠠᠯᠳᠤᠯᠭ᠎ᠠ ᠬᠢᠪᠡ᠃ ᠡᠷᠡᠭᠦᠦ ᠰᠢᠢᠳᠬᠡᠯ ᠣᠨᠣᠭᠳᠠᠭᠤᠯᠬᠤ ᠰᠠᠨᠠᠭᠤᠯᠭ᠎ᠠ ᠶᠢ 1783 ᠬᠤᠪᠢ ᠳᠤᠷᠠᠳᠴᠤ᠂ ᠬᠡᠷᠡᠭᠯᠡᠭᠰᠡᠨ ᠨᠤᠷᠮ᠎ᠠ ᠨᠢ 81% ᠳᠤ ᠬᠦᠷᠪᠡ᠃ ᠵᠣᠷᠢᠭᠤᠳᠠ ᠬᠥᠮᠦᠨ ᠠᠯᠠᠭᠰᠠᠨ᠂ ᠵᠣᠷᠢᠭᠤᠳᠠ ᠭᠡᠮᠲᠦᠭᠡᠭᠰᠡᠨ ᠵᠡᠷᠭᠡ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ᠂ 101 ᠬᠡᠷᠡᠭ 114 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 146 ᠬᠡᠷᠡᠭ 173 ᠬᠥᠮᠦᠨ ᠢ ᠵᠠᠭᠠᠯᠳᠤᠪᠠ᠃ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾᠂ ︽ᠬᠤᠯᠠᠭᠠᠶᠢᠯᠠᠬᠤ᠂ ᠪᠤᠯᠢᠶᠠᠬᠤ ᠮᠡᠬᠡᠯᠡᠬᠦ︾ ᠶᠠᠯᠠᠲᠤ ᠠᠵᠢᠯᠯᠠᠭ᠎ᠠ ᠳᠤ ᠴᠢᠭᠯᠡᠭᠦᠯᠦᠨ᠂ 117 ᠬᠡᠷᠡᠭ ᠤᠨ 167 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 189 ᠬᠡᠷᠡᠭ ᠤᠨ 330 ᠬᠥᠮᠦᠨ ᠢ ᠵᠠᠭᠠᠯᠳᠤᠪᠠ᠃ ᠬᠡᠷᠡᠭ ᠥᠳᠥᠭᠡᠵᠦ ᠬᠡᠷᠡᠭ ᠡᠳᠦᠭᠰᠡᠨ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠵᠡᠷᠭᠡ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ᠂ 46 ᠬᠡᠷᠡᠭ 75 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 86 ᠬᠡᠷᠡᠭ 231 ᠬᠥᠮᠦᠨ ᠢ ᠵᠠᠭᠠᠯᠳᠤᠪᠠ᠃    3. ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠦᠬᠦ ᠲᠠᠯ᠎ᠠ ᠪᠠᠷ ᠬᠠᠮᠠᠭᠠᠯᠠᠪᠠ    ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 6 ᠬᠡᠷᠡᠭ 6 ᠬᠥᠮᠦᠨ ᠢ ᠪᠠᠷᠢᠪᠴᠢᠯᠠᠬᠤ ᠶᠢ ᠬᠠᠤᠯᠢ ᠶᠣᠰᠣᠭᠠᠷ ᠵᠥᠪᠰᠢᠶᠡᠷᠡᠵᠦ᠂ 6 ᠬᠡᠷᠡᠭ 6 ᠬᠥᠮᠦᠨ ᠳᠤ ᠠᠯᠪᠠᠨ ᠵᠠᠭᠠᠯᠳᠤᠯᠭ᠎ᠠ ᠬᠢᠪᠡ᠃ ︽ᠰᠤᠷᠭᠠᠨ ᠬᠥᠮᠦᠵᠢᠭᠦᠯᠬᠦ᠂ ᠠᠪᠤᠷᠠᠬᠤ᠂ ᠤᠶᠠᠷᠠᠭᠤᠯᠤᠨ ᠤᠬᠠᠭᠠᠷᠠᠭᠤᠯᠬᠤ︾ ᠴᠢᠭᠯᠡᠯᠲᠡ ᠶᠢ ᠪᠠᠷᠢᠮᠲᠠᠯᠠᠵᠤ᠂ ᠨᠠᠰᠤᠨ ᠳᠤ ᠦᠯᠦ ᠬᠦᠷᠦᠭᠰᠡᠨ ᠶᠠᠯ᠎ᠠ ᠬᠢᠭᠰᠡᠨ ᠰᠡᠵᠢᠭᠯᠡᠯᠲᠡᠶ ᠬᠥᠮᠦᠨ ᠳᠤ 5 ᠬᠡᠷᠡᠭ 10 ᠬᠥᠮᠦᠨ ᠢ ᠦᠯᠦ ᠪᠠᠷᠢᠪᠴᠢᠯᠠᠬᠤ᠂ 3 ᠬᠡᠷᠡᠭ 7 ᠬᠥᠮᠦᠨ ᠢ ᠦᠯᠦ ᠵᠠᠭᠠᠯᠳᠤᠬᠤ ᠪᠠᠷ ᠬᠠᠤᠯᠢ ᠶᠣᠰᠣᠭᠠᠷ ᠲᠣᠭᠲᠠᠭᠠᠵᠤ᠂ ᠰᠡᠳᠬᠢᠴᠡ ᠶᠢᠨ ᠲᠠᠯ᠎ᠠ ᠪᠠᠷ 21 ᠤᠳᠠᠭ᠎ᠠ ᠢᠳᠬᠠᠨ ᠵᠢᠯᠣᠭᠤᠳᠴᠤ᠂ ᠨᠠᠰᠤᠨ ᠳᠤ ᠦᠯᠦ ᠬᠦᠷᠦᠭᠰᠡᠨ ᠬᠤᠣᠷᠯᠠᠭᠳᠠᠭᠴᠢ ᠳᠤ ᠨᠡᠶᠢᠲᠡ 11.5 ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠮᠥᠩᠭᠦ ᠲᠠᠷᠬᠠᠭᠠᠪᠠ᠃ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠡᠷ ᠤᠨ ᠠᠬᠠᠮᠠᠳ ᠲᠠᠢ ᠠᠭᠤᠯᠵᠠᠬᠤ᠂ ᠰᠤᠷᠭᠠᠭᠤᠯᠢ ᠶᠢᠨ ᠵᠠᠬᠢᠷᠤᠯ ᠲᠠᠢ ᠠᠭᠤᠯᠵᠠᠬᠤ᠂ ᠲᠣᠰᠬᠤᠨ ᠤ ᠳᠠᠷᠤᠭ᠎ᠠ ᠲᠠᠢ ᠠᠭᠤᠯᠵᠠᠬᠤ ︽ᠭᠤᠷᠪᠠ ᠲᠠᠢ ᠠᠭᠤᠯᠵᠠᠬᠤ︾ ᠲᠦᠷᠢᠮ ᠢ ᠬᠡᠷᠡᠭᠵᠢᠭᠦᠯᠪᠡ᠃ ᠭᠠᠴᠠᠭ᠎ᠠ ᠲᠣᠰᠬᠤᠨ ᠳᠤ ᠬᠦᠷᠴᠦ ᠬᠡᠷ ᠤᠨ ᠠᠬᠠᠮᠠᠳ ᠤᠨ ᠬᠢᠴᠢᠶᠡᠯ ᠤᠨ ᠲᠠᠩᠬᠢᠮ ᠨᠡᠭᠡᠭᠡᠨ ᠡᠷᠭᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠢ ᠠᠬᠢᠭᠤᠯᠪᠠ᠃ 2018 ᠣᠨ ᠠᠴᠠ ᠤᠳᠤ ᠪᠣᠯᠲᠠᠯ᠎ᠠ᠂ ᠮᠠᠨ ᠤ ᠬᠤᠷᠢᠶᠠᠨ ᠤ 24 ᠪᠠᠶᠢᠴᠠᠭᠠᠬᠤ ᠲᠤᠰᠢᠶᠠᠯᠲᠠᠨ ᠬᠠᠷᠢᠶ᠎ᠠ ᠣᠷᠣᠨ ᠤ ᠪᠠᠨ 50 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠳᠬᠤᠪᠠ᠃    4. ᠨᠡᠶᠢᠭᠡᠮ ᠤᠨ ᠵᠥᠷᠢᠴᠡᠯ ᠢ ᠰᠡᠷᠭᠡᠶᠢᠯᠡᠨ ᠠᠷᠢᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ    ᠮᠠᠨ ᠤ ᠬᠤᠷᠢᠶᠠᠨ ᠤ ︽ᠬᠢᠩᠭᠠᠨ ᠤ ᠬᠠᠪᠤᠷ︾ ᠪᠠᠶᠢᠴᠠᠭᠠᠬᠤ ᠠᠵᠢᠯ ᠤᠨ ᠲᠠᠰᠤᠭ ︽ᠬᠠᠯᠠᠭᠤᠨ ᠳᠣᠲᠣᠨᠣ ᠪᠠᠷ ᠬᠦᠯᠢᠶᠡᠨ‌ᠠᠪᠴᠤ ᠵᠣᠴᠢᠯᠠᠬᠤ᠂ ᠡᠶᠡᠯᠳᠡᠭ ᠢᠶᠠᠷ ᠡᠷᠬᠡ ᠪᠠᠨ ᠬᠠᠮᠠᠭᠠᠯᠠᠬᠤ᠂ ᠡᠶᠡᠯᠳᠡᠭ ᠢᠶᠠᠷ ᠬᠠᠤᠯᠢ ᠶᠢ ᠲᠠᠶᠢᠯᠪᠤᠷᠢᠯᠠᠬᠤ᠂ ᠡᠶᠡᠯᠳᠡᠭ ᠢᠶᠠᠷ ᠬᠠᠤᠯᠢ ᠶᠢ ᠬᠠᠮᠠᠭᠠᠯᠠᠬᠤ︾ ᠪᠠᠶᠢᠴᠠᠭᠠᠬᠤ ᠦᠢᠯᠡᠴᠢᠯᠡᠭᠡᠨ ᠤ ᠣᠶᠢᠯᠠᠭᠠᠭᠳᠠᠬᠤᠨ ᠢᠶᠠᠷ ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠪᠡ᠃ 12309 ᠪᠠᠶᠢᠴᠠᠭᠠᠬᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠲᠤᠰᠬᠠᠶ ᠱᠤᠭᠤᠮ ᠢ ᠨᠡᠪᠲᠡᠷᠡᠭᠦᠯᠵᠦ᠂ ︽ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ︾᠂ ︽ᠲᠠᠪᠤᠨ ᠠᠯᠬᠤᠮ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠬᠠᠤᠯᠢ︾ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠤᠨ ᠬᠡᠷᠡᠭ ᠢ 800 ᠭᠠᠷᠤᠶ ᠰᠢᠢᠳᠪᠤᠷᠢᠯᠡᠪᠡ᠃ ︽ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯ ᠪᠦᠷᠢ ᠳᠤ ᠬᠠᠷᠢᠭᠤᠯᠲᠠ ᠥᠭᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠯᠤᠭᠠᠨ ᠡᠳᠦᠷ ᠤᠨ ᠳᠣᠲᠣᠷ᠎ᠠ ᠵᠢᠷᠤᠮ ᠤᠨ ᠴᠢᠨᠠᠷᠲᠠᠶ ᠬᠠᠷᠢᠭᠤᠯᠲᠠ ᠥᠭᠬᠦ᠂ ᠭᠤᠷᠪᠠᠨ ᠰᠠᠷ᠎ᠠ ᠶᠢᠨ ᠳᠣᠲᠣᠷ᠎ᠠ ᠦᠷ᠎ᠡ ᠳ᠋ᠦᠩ ᠤᠨ ᠴᠢᠨᠠᠷᠲᠠᠶ ᠬᠠᠷᠢᠭᠤᠯᠲᠠ ᠥᠭᠬᠦ ᠶᠢ 100% ᠪᠠᠷ ᠪᠡᠶᠡᠯᠡᠭᠦᠯᠵᠦ᠂ ᠤᠯᠠᠨ ᠲᠦᠮᠡᠨ ᠤ ︽ᠰᠤᠷᠪᠤᠯᠵᠢᠯᠠᠭ᠎ᠠ ᠶᠢᠨ ᠶᠠᠳᠠᠷᠠᠭ᠎ᠠ︾ ᠶᠢ ᠬᠠᠮᠤᠭ ᠤᠨ ᠶᠡᠭᠡ ᠬᠡᠮᠵᠢᠶ᠎ᠡ ᠪᠠᠷ  ᠬᠦᠩᠭᠡᠷᠡᠭᠦᠯᠪᠡ᠃ ᠴᠢᠬᠤᠯᠠ ᠶᠡᠭᠡ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ 23 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠤᠷᠢᠯᠡᠪᠡ᠃ ᠪᠠᠶᠢᠴᠠᠭᠠᠬᠤ ᠳᠠᠷᠤᠭ᠎ᠠ ᠤᠯᠠᠨ ᠲᠦᠮᠡᠨ ᠤ ᠰᠤᠷᠪᠤᠯᠵᠢᠯᠠᠭ᠎ᠠ ᠶᠢ 112 ᠤᠳᠠᠭ᠎ᠠ ᠬᠦᠯᠢᠶᠡᠨ ᠠᠪᠴᠤ᠂ ᠤᠳᠤᠷᠢᠳᠬᠤ ᠺᠠᠳ᠋ᠷ 78 ᠤᠳᠠᠭ᠎ᠠ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠰᠤᠷᠪᠤᠯᠵᠢᠯᠠᠪᠠ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ 15 ᠬᠡᠷᠡᠭ᠂ 24 ᠬᠥᠮᠦᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠭᠰᠡᠨ ᠪᠥᠭᠡᠳ‌‍ᠰᠢᠢᠳᠪᠤᠷᠢᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ 64.5 ᠲᠦᠮᠡᠨ ᠲᠥᠭᠦᠷᠢᠭ ᠲᠠᠷᠬᠠᠭᠠᠪᠠ᠃    ︵ᠬᠤᠶᠠᠷ︶ ᠭᠤᠣᠯ ᠠᠵᠢᠯ ᠲᠠᠢ ᠤᠶᠠᠯᠳᠤᠭᠤᠯᠤᠨ᠂ ᠳᠡᠭᠡᠳᠦ ᠬᠡᠮᠵᠢᠶᠡᠨ ᠤ ᠪᠠᠶᠢᠴᠠᠭᠠᠬᠤ ᠠᠵᠢᠯ ᠢᠶᠠᠷ ᠶᠡᠭᠡ ᠲᠠᠯ᠎ᠠ ᠶᠢᠨ ᠬᠥᠭᠵᠢᠯᠲᠡ ᠳᠤ ᠤᠬᠠᠮᠰᠠᠷ ᠠᠴᠠ ᠪᠠᠨ ᠦᠢᠯᠡᠴᠢᠯᠡᠪᠡ    1. ᠬᠠᠤᠯᠢ ᠪᠠᠷ ᠵᠠᠰᠠᠬᠤ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠣᠷ ᠢ ᠴᠢᠩᠭ᠎ᠠ ᠪᠥᠭᠡᠳ ᠨᠢᠭᠲᠠ ᠰᠦᠯᠵᠢᠪᠡ    ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠢᠮᠠᠭᠲᠠ ᠪᠠᠷᠢᠮᠲᠠᠯᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠪᠡ᠃ ᠪᠤᠭᠤᠲᠤ ᠶᠢᠨ ᠬᠤᠯᠪᠣᠭᠠᠲᠤ ᠨᠡᠶᠢᠭᠡᠮ ᠲᠣᠭᠤᠷᠢᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠠᠢ ᠢᠳᠡᠪᠬᠢᠲᠡᠶ ᠬᠠᠮᠵᠢᠯᠴᠠᠵᠤ᠂ ᠬᠡᠷ ᠲᠤᠨᠢ ᠬᠦᠷᠴᠦ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ᠂ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ︽ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠬᠤ︾ ᠶᠢ  ᠦᠨᠡᠨ‌‍ᠬᠦ ᠪᠠᠲᠤᠯᠠᠵᠤ᠂ ᠬᠠᠮᠲᠤᠯᠢᠭ ‍ᠤᠨ‌ᠡᠭᠡᠯᠢᠯᠡᠭᠡ ᠵᠢᠨ‌ᠬᠠᠯᠬᠠᠪᠴᠢ ᠶᠢ ᠪᠠᠶᠢᠭᠤᠯᠬᠤ ᠬᠡᠷᠡᠭᠲᠡᠶ᠃ ᠰᠢᠨ᠎ᠡ‌‍ᠲ᠋ᠢᠲᠢᠮ ᠲᠠᠢ ᠠᠭᠤᠰᠬᠢᠨ‌ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠬᠠᠷᠰᠢᠯᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠬᠢᠵᠢᠭ ᠲᠤ ᠬᠤᠯᠪᠣᠭᠳᠠᠭᠰᠠᠨ 5 ᠬᠡᠷᠡᠭ 7 ᠬᠥᠮᠦᠨ ᠢ ᠰᠢᠢᠳᠪᠤᠷᠢᠯᠡᠪᠡ᠃    2. ᠬᠠᠤᠯᠢ ᠪᠠᠷ ᠵᠠᠰᠠᠬᠤ ᠬᠤᠷᠴᠠ ᠰᠡᠯᠡᠮ᠎ᠡ ᠶᠢ ᠥᠨᠳᠥᠷ ᠮᠠᠨᠳᠤᠭᠤᠯᠵᠤ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠤᠷᠢᠯᠡᠬᠦ ᠳᠠᠶᠢᠨ ᠤ ᠢᠯᠠᠯᠲᠠ ᠶᠢ ᠰᠠᠶᠢᠲᠤᠷ ᠣᠯᠪᠠ    ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ ᠪᠡᠯᠡ ᠮᠥᠩᠭᠦ ᠴᠤᠭᠯᠠᠭᠤᠯᠤᠨ ᠮᠡᠬᠡᠯᠡᠭᠰᠡᠨ ᠵᠡᠷᠭᠡ ᠤᠯᠠᠨ ᠬᠥᠮᠦᠨ ᠳᠤ ᠬᠤᠯᠪᠣᠭᠳᠠᠭᠰᠠᠨ ᠬᠡᠯᠪᠡᠷᠢ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠵᠠᠯᠬᠠᠭᠠᠨ ᠰᠢᠢᠳᠭᠡᠵᠦ᠂ 28 ᠬᠥᠮᠦᠨ ᠢ ᠪᠠᠷᠢᠪᠴᠢᠯᠠᠬᠤ ᠶᠢ ᠬᠠᠤᠯᠢ ᠶᠣᠰᠣᠭᠠᠷ ᠵᠥᠪᠰᠢᠶᠡᠷᠡᠵᠦ᠂ 26 ᠬᠡᠷᠡᠭ 40 ᠬᠥᠮᠦᠨ ᠳᠤ ᠠᠯᠪᠠᠨ ᠵᠠᠭᠠᠯᠳᠤᠯᠭ᠎ᠠ ᠬᠢᠵᠦ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ ᠲᠠᠢ ᠬᠠᠮᠵᠢᠯᠴᠠᠨ 3000 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠵᠦ᠂ ᠥᠨᠳᠥᠷ ᠬᠦᠦ ᠶᠢᠨ ᠥᠳᠥᠭᠡᠯᠭᠡ ᠶᠢ ᠬᠤᠷᠢᠭᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠣᠨᠴᠠᠯᠢᠭ ᠪᠠ ᠬᠤᠣᠷ ᠬᠦᠨᠦᠭᠡᠯᠳᠦ ᠴᠢᠨᠠᠷ ᠤᠨ ᠲᠤᠬᠠᠶ ᠤᠯᠠᠨ ᠲᠦᠮᠡᠨ ᠤ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃    ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠬᠦᠴᠦ ᠨᠡᠮᠡᠷᠢᠯᠡᠪᠡ᠃ ᠪᠦᠬᠦ ᠺᠠᠳ᠋ᠷ ᠴᠠᠭᠳᠠᠭ᠎ᠠ ᠨᠠᠷ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠵᠦ᠂ ᠴᠢᠳᠠᠪᠤᠷᠢ ᠲᠠᠢ ᠺᠠᠳ᠋ᠷ ᠴᠠᠭᠳᠠᠭ᠎ᠠ ᠶᠢ ᠰᠣᠩᠭᠤᠨ ᠲᠣᠮᠢᠯᠠᠵᠤ ᠠᠯᠳᠠᠷ ᠰᠤᠮᠤ ᠶᠢᠨ ᠰᠢᠪᠠᠷᠲᠠᠢ᠂ ᠬᠦᠨᠳᠡᠯᠡᠨ ᠭᠠᠴᠠᠭ᠎ᠠ ᠳᠤ ᠰᠠᠭᠤᠯᠭᠠᠪᠠ᠃ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠠᠪᠰᠤᠷᠤᠨ ᠬᠥᠭᠵᠢᠭᠦᠯᠵᠦ᠂ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠪᠠᠷᠲᠠᠢ ᠶᠢᠨ ᠬᠠᠭᠤᠴᠢᠨ ᠲᠣᠰᠬᠤᠨ ᠤ ᠬᠡᠯᠲᠡᠰ ᠢ ᠰᠡᠯᠪᠢᠨ ᠵᠠᠰᠠᠨ᠎ᠠ᠃ ᠬᠤᠶᠠᠷ ᠲᠣᠰᠬᠤᠨ ᠤ 242 ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ 652 ᠡᠷᠦᠬᠡ ᠨᠢᠭᠡᠨᠲᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃ ᠢᠯᠡᠳᠲᠡ ᠠᠮᠵᠢᠯᠲᠠ ᠣᠯᠤᠭᠰᠠᠨ ᠠᠴᠠ ᠪᠣᠯᠵᠣ᠂ ᠮᠠᠨ ᠤ ᠬᠤᠷᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠵᠦ ᠬᠠᠪᠰᠤᠷᠤᠨ ᠲᠡᠳᠬᠦᠬᠦ ᠠᠵᠢᠯ ᠤᠨ ᠲᠡᠷᠢᠭᠦᠨ ᠤ  ᠨᠢᠭᠡᠴᠢ︾ ᠪᠠᠷ ᠦᠨᠡᠯᠡᠭᠳᠡᠵᠦ᠂ ᠲᠣᠰᠬᠤᠨ ᠳᠤ ᠰᠠᠭᠤᠭ᠎ᠠ ᠺᠠᠳ᠋ᠷ ᠴᠠᠭᠳᠠᠭ᠎ᠠ ᠨᠠᠷ ︽ᠲᠣᠰᠬᠤᠨ ᠳᠤ ᠰᠠᠭᠤᠭ᠎ᠠ ᠰᠢᠯᠢᠳᠡᠭ ᠨᠢᠭᠡᠳᠦᠭᠡᠷ ᠱᠦᠵᠢ︾ ︽ᠲᠣᠰᠬᠤᠨ ᠳᠤ ᠰᠠᠭᠤᠭ᠎ᠠ ᠰᠢᠯᠢᠳᠡᠭ ᠠᠵᠢᠯ ᠤᠨ ᠭᠡᠰᠢᠭᠦᠨ︾ ᠤ ᠢᠷᠠᠭᠤ ᠠᠯᠳᠠᠷ ᠢ ᠭᠥᠷᠳᠡᠪᠡ᠃    ᠪᠣᠬᠢᠷᠲᠤᠯ ᠥᠬᠡᠶ ᠠᠮᠢ ᠠᠬᠤᠶ ᠶᠢᠨ ᠬᠡᠷ ᠣᠷᠣᠨ ᠢᠶᠠᠨ ᠰᠠᠬᠢᠨ ᠬᠠᠮᠠᠭᠠᠯᠠᠪᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠦᠷᠭᠦᠯᠵᠢᠯᠡᠨ ᠰᠠᠶᠢᠵᠢᠷᠠᠨ ᠰᠠᠶᠢᠨ ᠬᠥᠭᠵᠢᠬᠦ ᠶᠢ ᠲᠦᠯᠬᠢᠨ‌ᠠᠬᠢᠭᠤᠯᠪᠠ᠃ ︽ᠭᠤᠤᠯ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠤᠯ ᠤᠨ ᠳᠠᠷᠤᠭ᠎ᠠ ᠶᠢᠨ ᠠᠯᠪᠠᠨ ᠬᠡᠷ ᠲᠠᠢ ᠬᠤᠯᠪᠣᠭᠠᠯᠠᠨ ᠬᠠᠷᠢᠶᠠᠲᠤ ᠣᠷᠣᠨ ᠤ ᠭᠤᠤᠯ ᠤᠨ ᠵᠠᠮ ᠳᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠬᠠᠮᠵᠢᠯᠴᠠᠬᠤ ᠶᠢ ᠴᠢᠩᠭᠠᠳᠬᠠᠪᠠ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ ᠣᠷᠴᠢᠨ ᠠᠬᠤᠶ ᠡᠬᠢ ᠪᠠᠶᠠᠯᠢᠭ ᠢ ᠡᠪᠳᠡᠭᠰᠡᠨ 156 ᠬᠡᠷᠡᠭ ᠤᠨ 181 ᠬᠥᠮᠦᠨ ᠢ ᠬᠦᠯᠢᠶᠡᠨ ᠠᠪᠴᠤ ᠰᠢᠢᠳᠪᠤᠷᠢᠯᠡᠵᠦ᠂ 122 ᠬᠡᠷᠡᠭ ᠤᠨ 138 ᠬᠥᠮᠦᠨ ᠢ ᠵᠠᠭᠠᠯᠳᠤᠵᠤ᠂ 9 ᠬᠡᠷᠡᠭ ᠤᠨ 14 ᠬᠥᠮᠦᠨ ᠢ ᠦᠯᠦ ᠵᠠᠭᠠᠯᠳᠤᠪᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠨᠡᠶᠢᠲᠡ 136 ᠬᠤᠪᠢ ᠬᠡᠷᠡᠭ ᠢ ᠦᠨᠡᠯᠡᠨ ᠪᠠᠶᠢᠴᠠᠭᠠᠵᠤ᠂ 9 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠭᠥᠯᠢᠶᠡᠨ ᠠᠪᠤᠭᠰᠠᠨ ᠪᠠᠶᠢᠨ᠎ᠠ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠤᠲᠤᠭ ᠪᠡᠯᠴᠢᠭᠡᠷ ᠢ ᠬᠠᠮᠠᠭᠠᠯᠠᠪᠠ᠃ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠱᠠᠯᠠᠪᠳᠠᠭᠤᠯᠤᠨ ᠪᠠᠶᠢᠴᠠᠭᠠᠵᠤ᠂ ᠪᠠᠶᠢᠴᠠᠭᠠᠨ ᠰᠤᠳᠤᠯᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠲᠠᠨᠢᠯᠲᠠ ᠬᠦᠷᠦᠯᠴᠡᠬᠦ ᠦᠭᠡᠢ︾ ᠠᠰᠠᠭᠤᠳᠠᠯ ᠢ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ᠂ ᠬᠠᠮᠢᠶ᠎ᠠ ᠪᠦᠬᠦᠢ ᠤᠨᠤᠯ ᠤᠨ ᠮᠡᠳᠡᠯᠭᠡ ᠪᠣᠯᠤᠨ ᠲᠦᠷᠦ ᠶᠢᠨ ᠪᠤᠳᠤᠯᠭ᠎ᠠ ᠴᠢᠭᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠡᠢ᠃ ︽ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠠᠭᠠᠯᠪᠤᠷᠢᠯᠠᠬᠤ ᠶᠢ ᠴᠠᠭᠠᠵᠠᠯᠠᠭᠰᠠᠨ ᠴᠤ ᠵᠣᠭᠰᠣᠭᠠᠬᠤ ᠥᠬᠡᠶ︾ ᠪᠠᠶᠢᠳᠠᠯ ᠳᠤ ᠴᠢᠭᠯᠡᠭᠦᠯᠦᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠠᠴᠠ ᠭᠠᠷᠳᠠᠵᠤ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠵᠠᠰᠠᠪᠤᠷᠢ ᠣᠷᠣᠭᠤᠯᠪᠠ᠄ ᠨᠢᠭᠡ ᠳᠤ᠂ ᠬᠡᠷᠡᠭ ᠢ ᠲᠦᠷᠭᠡᠨ ᠰᠢᠭᠦᠵᠦ ᠲᠦᠷᠭᠡᠨ ᠵᠠᠭᠠᠯᠳᠤᠬᠤ ᠶᠢ ᠪᠡᠶᠡᠯᠡᠭᠦᠯᠪᠡ᠃ ᠬᠤᠶᠠᠷ ᠲᠤ᠂ ᠤᠷᠢᠳᠴᠢᠯᠠᠨ ᠣᠷᠣᠯᠴᠠᠵᠤ ᠲᠤᠷᠰᠢᠨ ᠪᠠᠶᠢᠴᠠᠭᠠᠬᠤ ᠶᠢ ᠬᠥᠲᠥᠯᠥᠨ ᠵᠢᠯᠣᠭᠤᠳᠬᠤ ᠠᠷᠭ᠎ᠠ ᠬᠡᠮᠵᠢᠶ᠎ᠡ ᠶᠢ ᠲᠣᠭᠲᠠᠭᠠᠪᠠ᠃  ᠭᠤᠷᠪᠠ ᠳᠤ᠂ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠬᠡᠷᠡᠭ ᠰᠢᠢᠳᠪᠦᠷᠢᠯᠡᠬᠦ ᠵᠠᠭᠪᠤᠷ ᠢ ᠪᠠᠶᠢᠭᠤᠯᠵᠤ᠂ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠱᠠᠯᠠᠪᠳᠠᠭᠤᠯᠬᠤ ᠶᠢ ᠪᠦᠷᠢᠯᠳᠦᠭᠦᠯᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ︽ᠬᠡᠯᠬᠢᠶ᠎ᠡ︾ ᠶᠠᠪᠤᠴᠠ ᠶᠢ ᠳᠠᠭᠠᠪᠠ᠃ ᠳᠥᠷᠪᠡ ᠳᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠠᠢ ︽ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ + ᠪᠠᠶᠢᠴᠠᠭᠠᠬᠤ ᠳᠠᠷᠤᠭ᠎ᠠ ᠶᠢᠨ ᠵᠣᠬᠢᠴᠠᠮᠵᠢ︾ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠯᠪᠣᠭᠠᠯᠠᠨ ᠬᠥᠳᠡᠯᠦᠯᠴᠡᠵᠦ ᠬᠦᠴᠦᠯᠡᠬᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠠᠮᠵᠢᠯᠴᠠᠬᠤ ᠲᠣᠭᠲᠠᠴᠠ ᠶᠢ ᠪᠣᠶ ᠪᠣᠯᠭᠠᠪᠠ᠃    3. ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠬᠠᠣᠠᠬᠠᠵᠤ᠂ ᠪᠣᠳᠠᠲᠤ ᠠᠰᠢᠭ ᠬᠦᠢᠷᠲᠠᠭᠦ ᠠᠵᠤ ᠠᠬᠤᠶᠢᠯᠠᠯ ᠤᠨ ︽ᠳᠠᠯᠠᠢ ᠶᠢᠨ ᠣᠷᠣᠨ ᠢ ᠲᠣᠭᠲᠠᠭᠠᠬᠤ ᠵᠡᠭᠦᠦ︾ ᠶᠢ ᠲᠣᠭᠲᠠᠪᠤᠷᠢᠵᠢᠭᠤᠯᠤᠨ ᠳᠠᠷᠤᠪᠠ    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠡᠷ᠎ᠡ ᠪᠠᠷ ᠮᠡᠬᠡᠯᠡᠬᠦ᠂ ᠬᠠᠭᠤᠷᠮᠠᠭ ᠮᠠᠭᠤ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠬᠢᠭᠰᠡᠨ 13 ᠬᠡᠷᠡᠭ᠂ 27 ᠬᠥᠮᠦᠨ ᠢ ᠬᠠᠤᠯᠢ ᠶᠣᠰᠣᠭᠠᠷ ᠪᠠᠷᠢᠪᠴᠢᠯᠠᠬᠤ ᠶᠢ ᠵᠥᠪᠰᠢᠶᠡᠷᠡᠵᠦ᠂ 24 ᠬᠡᠷᠡᠭ᠂ 43 ᠬᠥᠮᠦᠨ ᠢ ᠵᠠᠭᠠᠯᠳᠤᠪᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠵᠢᠯᠳᠠᠨ ᠤ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠪᠣᠯᠭᠤᠮᠵᠢᠲᠠᠶ ᠰᠢᠢᠳᠪᠤᠷᠢᠯᠡᠵᠦ᠂ 5 ᠬᠥᠮᠦᠨ ᠢ ᠦᠯᠦ ᠪᠠᠷᠢᠪᠴᠢᠯᠠᠬᠤ᠂ 13 ᠬᠥᠮᠦᠨ ᠢ ᠦᠯᠦ ᠵᠠᠭᠠᠯᠳᠤᠬᠤ ᠪᠠᠷ ᠬᠠᠤᠯᠢ ᠶᠣᠰᠣᠭᠠᠷ ᠲᠣᠭᠲᠠᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠡᠪ ᠤᠨ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠡᠷᠡᠭ ᠢ 3 ᠬᠤᠪᠢ ᠰᠢᠢᠳᠪᠤᠷᠢᠯᠡᠵᠦ᠂ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ 7 ᠤᠳᠠᠭ᠎ᠠ ᠥᠷᠨᠢᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠲᠠᠢ ᠭᠦᠢᠴᠡᠳᠬᠡᠬᠦ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠲᠤ ᠬᠢᠨᠠᠯᠲᠠ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠲᠠᠢ ᠬᠤᠯᠪᠣᠭᠠᠯᠠᠨ ︽ᠪᠠᠶᠢᠴᠠᠭᠠᠬᠤ ᠪᠠᠶᠢᠭᠤᠯᠭ᠎ᠠ ᠬᠢᠭᠡᠳ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠠᠷᠪᠠᠨ ᠵᠤᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠬᠦᠴᠦ ᠪᠠᠨ ᠬᠠᠮᠲᠤᠳᠬᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃    ︵ᠭᠤᠷᠪᠠ︶ ᠭᠤᠣᠯ ᠬᠠᠷᠢᠭᠤᠴᠠᠯᠭ᠎ᠠ ᠭᠤᠣᠯ ᠠᠵᠢᠯ ᠢ ᠭᠦᠨᠵᠡᠭᠡᠶ ᠬᠢᠵᠦ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠴᠢᠩᠭ᠎ᠠ ᠭᠦᠢᠴᠡᠳᠬᠡᠬᠦ ᠪᠠᠷ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠪᠠ    1. ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠢ ᠰᠢᠯᠢᠳᠡᠭᠵᠢᠭᠦᠯᠦᠨ ᠲᠡᠰ ᠳᠡᠪᠰᠢᠭᠦᠯᠪᠡ    ︽ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ︾ ᠳᠠᠪᠠᠭᠤᠯᠢᠭ ᠢ ᠭᠦᠢᠴᠡᠳ ᠪᠠᠳᠠᠷᠠᠭᠤᠯᠤᠨ ᠬᠡᠷᠡᠭ ᠰᠢᠢᠳᠪᠤᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃ 12 ᠬᠡᠷᠡᠭ ᠤᠨ 14 ᠬᠥᠮᠦᠨ ᠢ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ 2 ᠬᠡᠷᠡᠭ ᠤᠨ 2 ᠬᠥᠮᠦᠨ ᠢ ᠬᠦᠴᠦᠨ ᠦᠭᠡᠢ ᠪᠣᠯᠭᠠᠬᠤ ᠳᠤ ᠬᠢᠨᠠᠯᠲᠠ ᠲᠠᠯᠪᠢᠵᠤ᠂ 13 ᠬᠡᠷᠡᠭ ᠢ ᠤᠷᠢᠳᠴᠢᠯᠠᠨ ᠬᠥᠲᠥᠯᠥᠨ ᠵᠢᠯᠣᠭᠤᠳᠴᠤ ᠲᠤᠷᠰᠢᠨ ᠪᠠᠶᠢᠴᠠᠭᠠᠵᠤ᠂ ᠲᠤᠷᠰᠢᠨ ᠪᠠᠶᠢᠴᠠᠭᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ 38 ᠬᠤᠪᠢ ᠬᠠᠤᠯᠢ ᠶᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ᠂ 2 ᠬᠤᠪᠢ ᠪᠠᠶᠢᠴᠠᠭᠠᠬᠤ ᠰᠠᠨᠠᠭᠤᠯᠭ᠎ᠠ ᠶᠢ ᠭᠠᠷᠭᠠᠵᠤ᠂ 3 ᠬᠡᠷᠡᠭ ᠤᠨ 3 ᠬᠥᠮᠦᠨ ᠢ ᠪᠠᠷᠢᠪᠴᠢᠯᠠᠬᠤ ᠠᠴᠠ ᠭᠤᠭᠤᠵᠢᠭᠳᠠᠭᠰᠠᠨ ᠬᠡᠷᠡᠭ ᠢ ᠵᠠᠯᠠᠷᠠᠭᠤᠯᠵᠤ᠂ 21 ᠬᠡᠷᠡᠭ ᠤᠨ 65 ᠬᠥᠮᠦᠨ ᠢ ᠵᠠᠭᠠᠯᠳᠤᠬᠤ ᠠᠴᠠ ᠭᠤᠭᠤᠵᠢᠭᠳᠠᠭᠰᠠᠨ ᠬᠡᠷᠡᠭ ᠢ ᠵᠠᠯᠠᠷᠠᠭᠤᠯᠪᠠ᠃ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠶᠠᠯ᠎ᠠ ᠲᠣᠭᠲᠠᠭᠠᠭᠰᠠᠨ ᠨᠢ ᠵᠤᠬᠢᠰ ᠦᠭᠡᠢ᠂ ᠡᠷᠡᠭᠦᠦ  ᠰᠢᠢᠳᠬᠡᠯ ᠣᠨᠣᠭᠳᠠᠭᠤᠯᠤᠭᠰᠠᠨ ᠨᠢ ᠲᠡᠩᠴᠡᠭᠦᠷᠢ ᠪᠠᠨ ᠠᠯᠳᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ 17 ᠬᠤᠪᠢ ᠡᠷᠡᠭᠦᠦ ᠶᠢᠨ ᠬᠡᠷᠡᠭ ᠤᠨ ᠡᠰᠡᠷᠭᠦᠴᠡᠨ ᠵᠠᠭᠠᠯᠳᠤᠬᠤ ᠶᠢ ᠳᠤᠷᠠᠳᠤᠨ ᠳᠡᠪᠰᠢᠭᠦᠯᠦᠭᠰᠡᠨ ᠪᠥᠭᠡᠳ ᠳᠤᠷᠠᠳᠤᠨ ᠳᠡᠪᠰᠢᠭᠦᠯᠵᠦ᠂ ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠢ 42 ᠬᠤᠪᠢ᠂ ᠪᠠᠶᠢᠴᠠᠭᠠᠬᠤ ᠰᠠᠨᠠᠭᠤᠯᠭ᠎ᠠ ᠶᠢ 8 ᠬᠤᠪᠢ ᠭᠠᠷᠭᠠᠪᠠ᠃ ᠡᠷᠡᠭᠦᠦ ᠶᠢᠨ ᠬᠡᠷᠡᠭ ᠤᠨ ᠭᠦᠢᠴᠡᠳᠬᠡᠬᠦ ᠠᠵᠢᠯᠯᠠᠭ᠎ᠠ ᠶᠢᠨ ᠬᠠᠤᠯᠢ ᠶᠢ ᠵᠥᠷᠢᠴᠡᠭᠰᠡᠨ 32 ᠦᠢᠯᠡ ᠠᠵᠢᠯᠯᠠᠭ᠎ᠠ ᠶᠢ ᠬᠢᠨᠠᠨ ᠵᠠᠯᠠᠷᠠᠭᠤᠯᠵᠤ᠂ ᠭᠢᠨᠳᠠᠨ ᠤ ᠭᠠᠳᠠᠨ᠎ᠠ ᠭᠦᠢᠴᠡᠳᠬᠡᠬᠦ ᠳᠤ ᠲᠤᠰᠢᠶᠠᠯ ᠬᠠᠷᠢᠭᠤᠴᠠᠯᠭ᠎ᠠ ᠪᠠᠨ ᠵᠤᠬᠢᠰ ᠦᠭᠡᠢ ᠭᠦᠢᠴᠡᠳᠬᠡᠭᠰᠡᠨ 66 ᠬᠥᠮᠦᠨ ᠳᠤ ᠬᠢᠨᠠᠯᠲᠠ ᠲᠠᠯᠪᠢᠨ ᠵᠠᠯᠠᠷᠠᠭᠤᠯᠵᠤ ᠂ ᠬᠠᠤᠯᠢ ᠶᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠢ 66 ᠬᠤᠪᠢ᠂ ᠪᠠᠶᠢᠴᠠᠭᠠᠬᠤ ᠰᠠᠨᠠᠭᠤᠯᠭ᠎ᠠ ᠶᠢ 8 ᠬᠤᠪᠢ ᠭᠠᠷᠭᠠᠪᠠ᠃ ᠬᠤᠷᠢᠬᠤ ᠴᠢᠬᠤᠯᠠ ᠴᠢᠨᠠᠷ ᠢ ᠬᠢᠨᠠᠨ ᠪᠠᠶᠢᠴᠠᠭᠠᠭᠰᠠᠨ 40 ᠬᠡᠷᠡᠭ ᠢ  ᠰᠢᠢᠳᠪᠤᠷᠢᠯᠡᠵᠦ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠤᠪᠢᠷᠠᠭᠤᠯᠬᠤ ᠰᠠᠨᠠᠭᠤᠯᠭ᠎ᠠ ᠶᠢ 11 ᠬᠤᠪᠢ ᠭᠠᠷᠭᠠᠪᠠ᠃ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠭᠦᠨᠵᠡᠭᠡᠶ ᠲᠤᠭᠤᠰᠢᠯᠠᠭᠤᠯᠵᠦ᠂ ᠴᠥᠭᠡᠨ ᠪᠠᠷᠢᠪᠴᠢᠯᠠᠬᠤ ᠳᠤ ᠪᠣᠯᠭᠤᠮᠵᠢᠲᠠᠶ ᠪᠠᠷ ᠵᠠᠭᠠᠯᠳᠤᠬᠤ ᠳᠤ ᠪᠣᠯᠭᠤᠮᠵᠢᠲᠠᠶ ᠪᠠᠷ ᠬᠤᠷᠢᠬᠤ ᠬᠠᠤᠯᠢ ᠪᠠᠷᠢᠬᠤ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ 85 ᠬᠥᠮᠦᠨ ᠢ ᠪᠠᠷᠢᠪᠴᠢᠯᠠᠬᠤ ᠶᠢ ᠦᠯᠦ ᠵᠥᠪᠰᠢᠶᠡᠷᠡᠵᠦ᠂ 20 ᠬᠡᠷᠡᠭ ᠤᠨ 32 ᠬᠥᠮᠦᠨ ᠢ ᠦᠯᠦ ᠵᠠᠭᠠᠯᠳᠤᠪᠠ᠃ ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ ᠢ ᠠᠭᠤᠴᠢᠯᠠᠨ ᠰᠢᠢᠳᠬᠡᠯ ᠲᠦᠷᠢᠮ ᠢ ᠪᠦᠬᠦ ᠲᠠᠯ᠎ᠠ ᠪᠠᠷ ᠬᠡᠷᠡᠭᠯᠡᠵᠦ᠂ 2018 ᠣᠨ ᠠᠴᠠ ᠨᠠᠰᠢ᠂ ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ 912 ᠬᠡᠷᠡᠭ 1053 ᠬᠥᠮᠦᠨ ᠳᠤ ᠬᠦᠷᠴᠦ᠂ ᠬᠡᠷᠡᠭᠯᠡᠭᠰᠡᠨ ᠨᠤᠷᠮ᠎ᠠ ᠨᠢ ᠵᠢᠯ ᠳᠠᠷᠠᠭᠠᠯᠠᠨ ᠨᠡᠮᠡᠭᠳᠡᠵᠦ᠂ ᠬᠠᠤᠯᠢ ᠴᠠᠭᠠᠵᠠ ᠶᠢᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠠᠷᠪᠢᠯᠠᠵᠤ᠂ ᠨᠡᠶᠢᠭᠡᠮ ᠤᠨ ᠬᠠᠷᠢᠴᠠᠭ᠎ᠠ ᠶᠢ ᠵᠠᠰᠠᠨ ᠰᠡᠷᠭᠦᠭᠡᠬᠦ ᠶᠢ ᠠᠬᠢᠭᠤᠯᠪᠠ᠃    2. ᠠᠷᠠᠳ ᠤᠨ ᠪᠠᠩᠬᠢ ᠶᠢᠨ ᠪᠠᠶᠢᠴᠠᠭᠠᠬᠤ ᠠᠵᠢᠯ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠰᠢᠭ ᠬᠦᠷᠲᠡᠪᠡ    2018 ᠣᠨ ᠠᠴᠠ ᠨᠠᠰᠢ᠂ ᠮᠠᠨ ᠤ ᠬᠤᠷᠢᠶ᠎ᠠ 536 ᠬᠤᠪᠢ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠪᠠᠶᠢᠴᠠᠭᠠᠬᠤ ᠬᠡᠷᠡᠭ ᠢ ᠰᠢᠢᠳᠪᠦᠷᠢᠯᠡᠪᠡ᠂ ᠡᠭᠦᠨ ᠳᠤ ᠡᠷᠬᠡ ᠲᠤᠰᠢᠶᠠᠯ ᠤᠨ ᠢᠶᠠᠨ ᠶᠣᠰᠣᠭᠠᠷ 530 ᠬᠤᠪᠢ ᠬᠢᠨᠠᠯᠲᠠ ᠲᠠᠯᠪᠢᠵᠤ᠂ ᠲᠤᠬᠠᠢ ᠶᠢᠨ ᠬᠥᠮᠦᠨ 6 ᠬᠤᠪᠢ ᠬᠢᠨᠠᠯᠲᠠ ᠲᠠᠯᠪᠢᠭᠤᠯᠬᠤ ᠪᠠᠷ ᠭᠤᠶᠤᠴᠢᠯᠠᠪᠠ᠃ 440 ᠬᠤᠪᠢ ᠪᠠᠶᠢᠴᠠᠭᠠᠬᠤ ᠰᠠᠨᠠᠭᠤᠯᠭ᠎ᠠ ᠶᠢ ᠭᠠᠷᠭᠠᠵᠤ᠂ ᠴᠥᠮ ᠬᠦᠯᠢᠶᠡᠨ ᠠᠪᠴᠠᠶ᠃ ᠠᠷᠠᠳ ᠤᠨ ᠠᠵᠢᠯᠯᠠᠭ᠎ᠠ ᠪᠠᠷ ᠠᠷᠠᠳ ᠤᠨ ᠠᠮᠢᠳᠤᠷᠠᠯ ᠢ ᠬᠠᠮᠠᠭᠠᠯᠠᠬᠤ ᠶᠢ ᠪᠠᠷᠢᠮᠲᠠᠯᠠᠵᠤ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠭᠦᠢᠴᠡᠳᠬᠡᠯᠲᠡ ᠳᠤ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠭᠦᠢᠴᠡᠳᠬᠡᠬᠦ ᠳᠤ ᠬᠦᠴᠢᠷᠲᠡᠶ︾᠂ ︽ᠭᠦᠢᠴᠡᠳᠬᠡᠬᠦ ᠳᠤ ᠡᠮᠬᠢ ᠵᠠᠮᠪᠠᠷᠠᠭ᠎ᠠ ᠦᠭᠡᠢ︾ ᠪᠠᠶᠢᠬᠤ ᠠᠰᠠᠭᠤᠳᠠᠯ ᠤᠨ ᠲᠤᠬᠠᠶ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠢᠷᠭᠡᠨ ᠤ ᠬᠡᠷᠡᠭ ᠤᠨ ᠬᠤᠳᠠᠯ ᠬᠠᠭᠤᠷᠮᠠᠭ ᠵᠠᠷᠭᠤ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠭᠦᠬᠦ ᠬᠤᠷᠢᠶ᠎ᠠ ᠳᠤ ᠪᠠᠶᠢᠴᠠᠭᠠᠬᠤ ᠰᠠᠨᠠᠭᠤᠯᠭ᠎ᠠ ᠶᠢ ᠴᠠᠭ ᠲᠤᠬᠠᠶ ᠳᠤᠨᠢ ᠭᠠᠷᠭᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ᠂ ᠲᠢᠩᠬᠢᠮ ᠤᠨ ᠰᠢᠭᠦᠯᠲᠡ ᠠᠴᠠ ᠡᠮᠦᠨᠡᠬᠢ ᠡᠶᠡᠳᠡᠭᠦᠯᠭᠡ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠠᠷᠢᠯᠭᠠᠬᠤ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠪᠠ᠃ ︽ᠢᠷᠭᠡᠨ ᠤ ᠬᠠᠤᠯᠢ ᠶᠢᠨ ᠪᠢᠴᠢᠭ︾ ᠢ ᠬᠡᠷᠡᠭᠵᠢᠭᠦᠯᠬᠦ ᠪᠠᠷ ᠲᠣᠬᠢᠶᠠᠯ ᠪᠣᠯᠭᠠᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠠᠷᠠᠳ ᠨᠡᠶᠢᠲᠡ ᠪᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃    3. ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠣᠳᠠᠲᠠᠶ ᠪᠠᠷ ᠨᠠᠷᠢᠨ ᠨᠢᠮᠪᠠᠶ ᠬᠢᠪᠡ    ᠲᠦᠷᠪᠡᠨ ᠵᠢᠯ ᠤᠨ ᠲᠤᠷᠰᠢ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 209 ᠬᠤᠪᠢ ᠬᠦᠯᠢᠶᠡᠨ ᠠᠪᠴᠤ ᠰᠢᠢᠳᠪᠤᠷᠢᠯᠡᠵᠦ᠂ 131 ᠬᠤᠪᠢ ᠶᠢ ᠨᠢ ᠬᠡᠷᠡᠭ ᠪᠣᠯᠭᠠᠨ ᠲᠠᠩᠰᠠᠯᠠᠵᠤ᠂ 108 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠪᠠ᠃ ᠮᠠᠨ ᠤ ᠬᠤᠷᠢᠶᠠᠨ ᠤ ᠰᠢᠢᠳᠬᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠦᠯ ᠤᠨ ᠴᠡᠴᠡᠭ ᠢ ᠰᠢᠪᠠᠳᠠᠨ ᠰᠡᠷᠭᠡᠶᠢᠯᠡᠨ ᠵᠠᠰᠠᠬᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠰᠢᠪᠠᠳᠠᠭᠰᠠᠨ ᠬᠡᠷᠡᠭ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠬᠢᠨ ᠤ ᠶᠡᠭᠡ ᠬᠤᠷᠠᠯ ᠳᠡᠭᠡᠷ᠎ᠡ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠤᠪᠢ ᠪᠠᠷ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠬᠡᠷᠡᠭ ᠰᠢᠢᠳᠪᠤᠷᠢᠯᠡᠬᠦ ᠪᠠᠷ ᠳᠠᠮᠵᠢᠭᠤᠯᠤᠨ᠂ ᠡᠪᠳᠡᠭᠳᠡᠭᠰᠡᠨ ᠨᠤᠲᠤᠭ ᠪᠡᠯᠴᠢᠭᠡᠷ᠂ ᠣᠶᠢᠲᠤ ᠭᠠᠵᠠᠷ᠂ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠤᠢ ᠶᠢ 16000 ᠭᠠᠷᠤᠶ ᠮᠦ ᠰᠢᠪᠠᠳᠠᠨ ᠰᠡᠷᠭᠦᠭᠡᠵᠦ᠂ 160 ᠭᠠᠷᠤᠶ ᠲᠣᠨ ᠬᠠᠲᠠᠭᠤ ᠪᠡᠶᠡᠲᠦ ᠠᠶᠤᠯᠲᠠᠶ ᠬᠠᠶᠠᠭᠳᠠᠮᠠᠯ ᠪᠣᠳᠠᠰ ᠢ ᠴᠡᠪᠡᠷᠯᠡᠪᠡ᠃ ᠤᠯᠤᠰ ᠤᠨ ᠥᠮᠴᠢᠯᠡᠯ ᠤᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ 5879.435 ᠲᠦᠮᠡᠨ ᠲᠥᠭᠦᠷᠢᠭ ᠢ ᠰᠢᠪᠠᠳᠠᠨ ᠨᠡᠬᠡᠮᠵᠢᠯᠡᠨ ᠲᠤᠰᠢᠶᠠᠯᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠵᠤ ᠪᠠᠶᠢᠭᠠᠳ ᠰᠢᠭᠦᠬᠦ ᠬᠤᠷᠢᠶᠠᠨ ᠳᠤ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠵᠢᠭᠡᠯᠡᠯᠭᠡ ᠶᠢ ᠬᠤᠷᠢᠶᠠᠨ ᠠᠪᠤᠭᠰᠠᠨ ᠦᠭᠡᠢ 61.517 ᠲᠦᠮᠡᠨ ᠲᠥᠭᠦᠷᠢᠭ ᠤᠨ ᠠᠯᠪᠠᠳᠠᠯᠭ᠎ᠠ ᠪᠠᠷ ᠭᠦᠢᠴᠡᠳᠬᠡᠭᠦᠯᠬᠦ ᠪᠠᠷ ᠭᠤᠶᠤᠴᠢᠯᠠᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ ᠲᠤᠰᠬᠠᠶ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠪᠠ᠃    ︵ᠲᠦᠷᠪᠡ︶ ᠥᠭᠡᠷᠡᠴᠢᠯᠡᠯᠲᠡ ᠶᠢᠨ ᠠᠯᠬᠤᠴᠠ ᠳᠤ ᠵᠣᠬᠢᠴᠠᠭᠤᠯᠤᠨ᠂ ᠴᠢᠩᠭ᠎ᠠ ᠨᠢᠮᠪᠠᠶ ᠪᠠᠶᠢᠴᠠᠭᠠᠬᠤ ᠠᠵᠢᠯ ᠢ ᠢᠯᠡ ᠪᠣᠯᠭᠠᠬᠤ ᠪᠠᠷ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ    1. ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ    ᠪᠠᠶᠢᠴᠠᠭᠠᠬᠤ ᠠᠵᠢᠯᠳᠠᠨ ᠢ ᠲᠦᠷᠦᠯ ᠬᠤᠪᠢᠶᠠᠨ ᠬᠠᠮᠢᠶᠠᠷᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠤᠷᠢᠯᠡᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ ︽ᠬᠡᠷᠡᠭ ᠢᠶᠠᠷ ᠨᠤᠷᠮ᠎ᠠ ᠲᠣᠭᠲᠠᠭᠠᠬᠤ︾ ᠪᠠ ︽ᠡᠭᠦᠷᠭᠡ ᠴᠢᠳᠠᠪᠤᠷᠢ ᠪᠠᠷ ᠨᠤᠷᠮ᠎ᠠ ᠲᠣᠭᠲᠠᠭᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯᠳᠠᠨ ᠤ ᠣᠷᠣᠨ ᠲᠤᠭ᠎ᠠ ᠶᠢ ᠲᠣᠭᠲᠠᠭᠠᠬᠤ 26 ᠪᠠᠶᠢᠴᠠᠭᠠᠬᠤ ᠲᠤᠰᠢᠶᠠᠯᠲᠠᠨ ᠢ 3 ᠪᠦᠯᠦᠭ ᠰᠢᠯᠢᠨ ᠰᠣᠩᠭᠤᠬᠤ ᠶᠢ ᠪᠡᠶᠡᠯᠡᠭᠦᠯᠪᠡ᠃ 21 ᠰᠠᠯᠠᠭ᠎ᠠ ᠲᠠᠰᠤᠭ ᠢ 6 ᠰᠠᠯᠠᠭ᠎ᠠ ᠮᠥᠴᠢᠷ ᠪᠣᠯᠭᠠᠨ ᠨᠡᠶᠢᠯᠡᠭᠦᠯᠵᠦ᠂ ᠳᠣᠲᠣᠭᠠᠳᠤ ᠪᠠᠶᠢᠭᠤᠯᠤᠮᠵᠢ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠤᠨ ᠳᠠᠬᠢᠨ ᠴᠣᠭᠴᠠᠯᠠᠯᠲᠠ ᠶᠢ ᠪᠡᠶᠡᠯᠡᠭᠦᠯᠪᠡ᠃ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠠᠵᠢᠯᠳᠠᠨ ᠢ ᠰᠢᠯᠵᠢᠭᠦᠯᠦᠨ ᠵᠠᠬᠢᠷᠬᠤ ᠶᠢ ᠤᠷᠤᠭᠰᠢᠲᠠᠢ ᠪᠡᠶᠡᠯᠡᠭᠦᠯᠪᠡ᠃ ᠬᠢᠨᠠᠨ ᠪᠠᠶᠢᠴᠠᠭᠠᠬᠤ ᠠᠵᠢᠯ ᠢ ᠵᠣᠯᠭᠠᠯᠳᠤᠭᠤᠯᠬᠤ ᠶᠢ ᠴᠢᠩᠭᠠᠳᠬᠠᠵᠤ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠰᠤᠯᠠᠷᠠᠭᠤᠯᠬᠤ ᠦᠭᠡᠢ᠂ ᠠᠶᠢᠵᠠᠮ ᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ 2018 ᠣᠨ ᠠᠴᠠ ᠨᠠᠰᠢ ᠬᠢᠨᠠᠨ ᠪᠠᠶᠢᠴᠠᠭᠠᠬᠤ ᠵᠥᠪᠯᠡᠯ ᠤᠨ ᠰᠢᠯᠵᠢᠭᠦᠯᠦᠨ ᠬᠦᠷᠭᠡᠭᠰᠡᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ 40 ᠶᠠᠯᠠᠲᠤ ᠬᠡᠷᠡᠭ ᠤᠨ 63 ᠬᠥᠮᠦᠨ ᠢ ᠬᠦᠯᠢᠶᠡᠨ ᠠᠪᠴᠤ ᠰᠢᠢᠳᠪᠦᠷᠢᠯᠡᠨ᠂ 11 ᠬᠡᠷᠡᠭ ᠤᠨ 13 ᠬᠥᠮᠦᠨ ᠢ ᠪᠠᠷᠢᠪᠴᠢᠯᠠᠬᠤ ᠪᠠᠷ ᠲᠣᠭᠲᠠᠭᠠᠵᠤ᠂ 35 ᠬᠡᠷᠡᠭ ᠤᠨ 57 ᠬᠥᠮᠦᠨ ᠳᠤ ᠠᠯᠪᠠᠨ ᠵᠠᠭᠠᠯᠳᠤᠯᠭ᠎ᠠ ᠬᠢᠵᠦ᠂ 4 ᠬᠡᠷᠡᠭ ᠲᠤ ᠤᠷᠢᠳᠴᠢᠯᠠᠨ ᠣᠷᠣᠯᠴᠠᠪᠠ᠃    2. ᠬᠢᠨᠠᠯᠲᠠ ᠬᠦᠯᠢᠶᠡᠬᠦ ᠠᠷᠭ᠎ᠠ ᠵᠠᠮ ᠢ ᠦᠷᠭᠡᠳᠭᠡᠪᠡ    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠰᠠᠨᠠᠭᠠᠴᠢᠯᠠᠭ᠎ᠠ ᠠᠴᠠ ᠪᠠᠨ ᠤᠷᠢᠵᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠢᠯᠡ ᠪᠠᠷ ᠭᠡᠷᠡᠴᠢᠯᠡᠭᠡ ᠰᠣᠨᠣᠰᠬᠤ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠬᠡᠷᠡᠭ ᠤᠨ ︽ᠰᠤᠳᠠᠯ ᠢ ᠨᠢ ᠪᠠᠷᠢᠵᠤ ᠠᠰᠠᠭᠤᠵᠤ︾᠂ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠵᠤ ᠲᠤᠰᠢᠶᠠᠯ ᠬᠠᠷᠢᠭᠤᠴᠠᠯᠭ᠎ᠠ ᠪᠠᠨ ᠵᠢᠷᠤᠮᠵᠢᠭᠤᠯᠤᠨ ᠭᠦᠢᠴᠡᠳᠬᠡᠪᠡ᠃ ︽ᠭᠤᠷᠪᠠᠨ ᠲᠣᠭᠲᠠᠭᠠᠯ︾ ᠵᠡᠷᠭᠡ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠶ ᠵᠢᠭᠠᠪᠤᠷᠢ ᠠᠪᠴᠤ ᠮᠡᠳᠡᠭᠦᠯᠬᠦ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ︽ᠠᠰᠠᠭᠤᠪᠠᠯ ᠵᠠᠪᠠᠯ ᠲᠡᠮᠳᠡᠭᠯᠡᠬᠦ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠢᠷᠤᠮᠯᠠᠭᠤᠯᠵᠤ᠂ 12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶᠡᠨ ᠤ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠬᠡᠷᠡᠭ ᠤᠨ ᠵᠢᠷᠤᠮ ᠤᠨ ᠴᠢᠨᠠᠷᠲᠠᠶ 2156 ᠵᠤᠷᠪᠤᠰ ᠮᠡᠳᠡᠭᠡ ᠵᠠᠩᠭᠢ᠂ 5 ᠬᠤᠪᠢ ᠴᠢᠬᠤᠯᠠ ᠬᠡᠷᠡᠭ ᠤᠨ ᠮᠡᠳᠡᠭᠡ ᠵᠠᠩᠭᠢ᠂ 1522 ᠬᠤᠪᠢ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠰᠦᠯᠵᠢᠶᠡᠨ ᠳᠡᠭᠡᠷ᠎ᠡ ᠡᠪᠬᠡᠮᠡᠯ ᠦᠵᠡᠬᠦ ᠵᠠᠮ ᠢ ᠨᠡᠭᠡᠭᠡᠵᠦ᠂ 263 ᠤᠳᠠᠭ᠎ᠠ ᠬᠠᠤᠯᠢᠴᠢ ᠶᠢ ᠬᠦᠯᠢᠶᠡᠨ ᠠᠪᠴᠤ ᠡᠪᠬᠡᠮᠡᠯ ᠢ ᠦᠵᠡᠬᠦ ᠶᠢ ᠬᠦᠯᠢᠶᠡᠨ ᠠᠪᠴᠤ᠂ ᠪᠠᠶᠢᠴᠠᠭᠠᠬᠤ ᠡᠷᠬᠡ ᠶᠢ ᠢᠯᠡ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃      ︵ᠲᠠᠪᠤ︶ ᠤᠯᠤᠰ ᠲᠦᠷᠦ ᠶᠢᠨ ᠵᠢᠯᠤᠭᠤᠳᠤᠯᠭ᠎ᠠ ᠶᠢ ᠪᠠᠳᠠᠷᠠᠭᠤᠯᠵᠤ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠪᠠ    1 .  ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠪᠠ    ︽ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠵᠠᠰᠠᠭ ᠤᠨ ᠠᠵᠢᠯ ᠤᠨ ᠪᠦᠲᠦᠮᠵᠢ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠪᠠ᠃ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠵᠡᠷᠭᠡ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠲᠠᠪᠴᠠᠩ ᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 12 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠤᠯᠠᠨ ᠲᠦᠮᠡᠨ ᠳᠤ 57 ᠵᠦᠢᠯ ᠤᠨ ᠪᠣᠳᠠᠲᠠᠢ ᠶᠠᠪᠤᠳᠠᠯ ᠬᠢᠵᠦ᠂ ᠪᠠᠶᠢᠴᠠᠭᠠᠬᠤ ᠬᠤᠷᠢᠶ᠎ᠠ ᠤᠯᠠᠨ ᠲᠦᠮᠡᠨ ᠤ ᠬᠠᠷᠢᠴᠠᠭ᠎ᠠ ᠶᠢ ᠦᠷᠭᠦᠯᠵᠢᠯᠡᠨ ᠰᠢᠯᠢᠳᠡᠭᠵᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ ︽ᠲᠠᠩᠰᠤᠭ ᠰᠠᠶᠢᠬᠠᠨ ᠡᠮᠦᠨᠡᠲᠦ ᠬᠤᠰᠢᠭᠤ︾ ᠶᠢᠨ ᠮᠡᠳᠡᠭᠡ ᠵᠠᠩᠭᠢ ᠶᠢᠨ ᠲᠠᠪᠴᠠᠩ ︽ᠬᠤᠷᠴᠢᠨ ᠤ ᠬᠠᠪᠤᠷ ᠤᠨ ᠪᠠᠶᠢᠴᠠᠭᠠᠯᠲᠠ︾ ᠪᠤᠯᠤᠩ ᠢᠶᠠᠷ ᠳᠠᠮᠵᠢᠭᠤᠯᠤᠨ᠂ ᠲᠣᠰ ᠬᠤᠷᠢᠶᠠᠨ ᠤ ︽ᠪᠢᠴᠢᠯ ᠪᠦᠷᠭᠡ ᠨᠢᠭᠡ ᠦᠵᠦᠭᠦᠷ︾ ᠤᠨ ᠪᠠᠶᠢᠴᠠᠭᠠᠯᠲᠠ ᠶᠢᠨ ᠥᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠪᠠᠶᠢᠴᠠᠭᠠᠬᠤ ᠠᠵᠢᠯ ᠤᠨ ᠨᠥᠯᠥᠭᠡᠯᠡᠬᠦ ᠬᠦᠴᠦᠨ ᠢ ᠥᠷᠭᠡᠳᠬᠡᠪᠡ᠃     2. ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠡᠩᠨᠡᠭᠡᠨ ᠤ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠡᠯᠡᠪᠡ    ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠦᠨᠡᠨ ᠬᠦ ᠭᠦᠢᠴᠡᠳᠭᠡᠪᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠦᠨᠳᠦᠰᠦ ᠶᠢ ᠪᠠᠬᠢᠵᠢᠭᠦᠯᠬᠦ ᠢᠨᠵᠧᠨᠧᠷᠢᠩ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ᠂ ᠶᠠᠰᠤ ᠶᠢ ᠨᠢ ᠬᠤᠰᠤᠵᠤ ᠬᠤᠣᠷ ᠢ ᠨᠢ ᠠᠷᠢᠯᠭᠠᠬᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠠᠶᠢᠴᠠᠭᠠᠬᠤ ᠡᠩᠨᠡᠭᠡᠨ ᠤ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠠᠷᠢᠭᠤᠨ ᠴᠡᠪᠡᠷ᠂ ᠬᠠᠷᠢᠴᠠᠯᠠᠰᠢ ᠦᠭᠡᠢ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ 22 ᠵᠦᠢᠯ ᠤᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠬᠥᠮᠦᠵᠢᠯ ᠴᠡᠭᠴᠡᠯᠡᠯᠲᠡ ᠶᠢᠨ ᠯᠠᠪᠳᠠᠭᠤᠨ ᠢᠶᠠᠷ ᠬᠤᠯᠠ ᠶᠠᠪᠤᠭᠳᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠪᠠ᠃    ᠲᠥᠯᠥᠭᠡᠯᠡᠭᠴᠢᠳ ᠡ᠂ ᠥᠩᠭᠡᠷᠡᠭᠰᠡᠨ ᠳᠥᠷᠪᠡᠨ ᠵᠢᠯ ᠳᠤ᠂ ᠮᠠᠨ ᠤ ᠬᠤᠷᠢᠶ᠎ᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠵᠠᠮ ᠨᠡᠭᠡᠭᠡᠨ ᠤᠷᠤᠭᠰᠢᠯᠠᠵᠤ᠂ ᠬᠠᠤᠯᠢᠵᠢᠯ ᠤᠨ ᠡᠮᠦᠨ᠎ᠡ ᠬᠤᠰᠢᠭᠤᠨ ᠤ ᠪᠠᠶᠢᠭᠤᠯᠤᠯᠲᠠ ᠳᠤ ᠪᠠᠶᠢᠴᠠᠭᠠᠬᠤ ᠬᠦᠴᠦᠨ ᠢᠶᠠᠨ ᠡᠷᠭᠦᠵᠦ᠂ ᠤᠷᠢᠳ ᠬᠤᠵᠢᠳ ︽ᠪᠦᠬᠦ ᠠᠶᠢᠮᠠᠭ ᠤᠨ ᠪᠠᠶᠢᠴᠠᠭᠠᠬᠤ ᠪᠠᠶᠢᠭᠤᠯᠤᠯᠭ᠎ᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠭ᠎ᠠ︾ ︽ᠰᠢᠯᠢᠳᠡᠭ ᠤᠳᠤᠷᠢᠳᠬᠤ ᠪᠠᠭ︾ ᠵᠡᠷᠭᠡ ᠬᠠᠮᠲᠤ ᠶᠢᠨ ᠢᠷᠠᠭᠤ ᠠᠯᠳᠠᠷ ᠢ ᠬᠦᠷᠳᠡᠵᠤ᠂  ︽ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ︾ ︽ᠪᠦᠬᠦ ᠤᠯᠤᠰ ᠤᠨ 3 · 8 ᠤ ᠤᠯᠠᠭᠠᠨ ᠲᠤᠭᠴᠢ︾ ᠴᠦᠨ ᠬᠤᠸᠠ ᠨᠥᠬᠦᠷ ᠢᠶᠠᠷ ᠲᠥᠯᠥᠭᠡᠯᠡᠭᠦᠯᠦᠭᠰᠡᠨ ᠨᠢᠭᠡ ᠪᠦᠯᠦᠭ ᠰᠢᠯᠢᠳᠡᠭ ᠺᠠᠳ᠋ᠷ ᠴᠠᠭᠳᠠᠭ᠎ᠠ ᠴᠣᠯᠭᠤᠷᠠᠨ ᠭᠠᠷᠴᠤ᠂ ᠡᠯ᠎ᠡ ᠲᠦᠷᠦᠯ ᠤᠨ ᠪᠠᠶᠢᠴᠠᠭᠠᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ᠃ ᠡᠭᠦᠨ ᠤ ᠵᠡᠷᠭᠡ ᠳᠤ᠂ ᠪᠢᠳᠡ ᠪᠠᠰᠠ ᠥᠪᠡᠷ ᠤᠨ ᠪᠡᠶ᠎ᠡ ᠳᠡᠭᠡᠨ ᠣᠷᠣᠰᠢᠵᠤ ᠪᠠᠶᠢᠭ᠎ᠠ ᠳᠤᠲᠠᠭᠳᠠᠯ ᠪᠠ ᠪᠠᠭᠤᠷᠠᠶ ᠲᠠᠯ᠎ᠠ ᠪᠠᠨ ᠰᠡᠷᠭᠡᠭ ᠢᠶᠠᠷ ᠲᠠᠨᠢᠵᠤ ᠣᠯᠵᠠᠶ᠄ ᠨᠢᠭᠡ ᠳᠤ᠂ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠭᠦᠨᠵᠡᠭᠡᠶ ᠠᠭᠤᠰᠤᠯᠴᠠᠬᠤ᠂ ᠪᠦᠲᠦᠮᠵᠢᠲᠡᠶ ᠦᠢᠯᠡᠴᠢᠯᠡᠬᠦ ᠲᠠᠯ᠎ᠠ ᠪᠠᠷ ᠬᠢ ᠠᠷᠭ᠎ᠠ ᠬᠡᠮᠵᠢᠶ᠎ᠡ ᠪᠠᠰᠠ ᠨᠠᠷᠢᠯᠢᠭ ᠤᠨᠤᠪᠴᠢᠲᠠᠢ ᠪᠢᠰᠢ᠃ ᠬᠤᠶᠠᠷ ᠲᠤ᠂ ᠪᠠᠶᠢᠴᠠᠭᠠᠬᠤ ᠠᠵᠢᠯᠳᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠨᠢ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠪᠦᠷᠢᠮᠦᠰᠦᠨ ᠵᠣᠬᠢᠴᠠᠵᠤ ᠴᠢᠳᠠᠬᠤ ᠦᠭᠡᠢ ᠪᠠᠶᠢᠬᠤ᠃ ᠭᠤᠷᠪᠠ ᠳᠤ᠂ ︽ᠲᠦᠷᠪᠡᠨ ᠶᠡᠭᠡ ᠪᠠᠶᠢᠴᠠᠭᠠᠬᠤ ᠠᠵᠢᠯ︾ ᠢ ᠪᠦᠬᠦ ᠲᠠᠯ᠎ᠠ ᠪᠠᠷ ᠵᠣᠬᠢᠴᠠᠩᠭᠤᠶ ᠪᠠᠷ ᠭᠦᠢᠴᠡᠳ ᠬᠥᠭᠵᠢᠭᠦᠯᠬᠦ ᠳᠤ ᠪᠠᠰᠠ ᠮᠠᠰᠢ ᠶᠡᠭᠡ ᠲᠠᠪᠰᠢᠯᠳᠠ ᠶᠢᠨ ᠣᠷᠣᠨ ᠵᠠᠶ ᠲᠠᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠥᠷᠢᠶ᠎ᠡ ᠪᠠᠨ ᠨᠥᠬᠦᠪᠥᠷᠢᠯᠡᠵᠦ᠂ ᠬᠦᠷᠦᠯᠴᠡᠬᠦ ᠥᠬᠡᠶ ᠲᠠᠯ᠎ᠠ ᠪᠠᠨ ᠰᠠᠶᠢᠵᠢᠷᠠᠭᠤᠯᠪᠠ᠃    ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠥᠯᠥᠪᠵᠢᠭᠦᠯᠭᠡ    ᠰᠢᠨ᠎ᠡ ᠬᠥᠭᠵᠢᠯᠲᠡ ᠶᠢᠨ ᠱᠠᠲᠤᠨ ᠳᠤ᠂ ᠮᠠᠨ ᠤ ᠬᠤᠷᠢᠶ᠎ᠠ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠪᠣᠯᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠪᠠᠶᠢᠭᠤᠯᠬᠤ ᠶᠢᠨ ᠤᠶᠠᠯᠳᠤᠯ ᠤᠨ ᠴᠡᠭ᠂ ᠬᠦᠴᠦᠯᠡᠴᠡ ᠶᠢᠨ ᠴᠡᠭ ᠢ ᠣᠨᠣᠪᠴᠢᠲᠠᠢ ᠡᠷᠢᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ ᠂ ᠪᠠᠶᠢᠴᠠᠭᠠᠬᠤ ᠤᠬᠠᠮᠰᠠᠷ ᠢᠶᠠᠷ ᠨᠠᠮ ᠪᠣᠯᠤᠨ ᠠᠷᠠᠳ ᠲᠦᠮᠡᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠤᠯᠤᠰ ᠲᠦᠷᠦ ᠶᠢᠨ ᠬᠠᠷᠢᠭᠤᠴᠠᠯᠭ᠎ᠠ᠂ ᠬᠠᠤᠯᠢᠵᠢᠯ ᠤᠨ ᠬᠠᠷᠢᠭᠤᠴᠠᠯᠭ᠎ᠠ᠂ ᠪᠠᠶᠢᠴᠠᠭᠠᠬᠤ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠡ᠃ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠶᠢᠴᠠᠭᠠᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠪᠠᠶᠢᠴᠠᠭᠠᠬᠤ ᠠᠵᠢᠯ ᠤᠨ ᠵᠦᠭᠯᠡᠭᠦᠷ ᠪᠣᠯᠭᠠᠵᠤ᠂ ᠲᠦᠢᠯ ᠤᠨ ᠰᠠᠶᠢᠨ ᠪᠠᠷᠢᠮᠵᠢᠶ᠎ᠠ ᠪᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠦᠨᠡᠨ ᠬᠦ ᠪᠠᠳᠠᠷᠠᠭᠤᠯᠵᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠲᠤᠳᠬᠠᠵᠤ᠂ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃    ︵ᠨᠢᠭᠡ︶ ᠤᠯᠤᠰ ᠲᠦᠷᠦ ᠶᠢᠨ ᠪᠠᠶᠢᠴᠠᠭᠠᠬᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠨ᠎ᠠ    ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠰᠡᠳᠬᠢᠬᠦᠶ ᠤᠯᠤᠰ ᠲᠦᠷᠦ ᠶᠢᠨ ᠤᠶᠤᠨ ᠤᠬᠠᠭᠠᠨ ᠢᠶᠠᠨ ᠴᠢᠳᠠᠮᠠᠭᠠᠶ ᠬᠡᠷᠡᠭᠯᠡᠵᠦ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠡᠯ᠎ᠡ ᠵᠦᠢᠯ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ᠠᠷᠬᠠᠭ ᠭᠡᠮ ᠢ ᠲᠦᠢᠯᠪᠤᠷᠢᠲᠠᠶ ᠠᠷᠢᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠨᠠᠮ ᠤᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠶᠣᠰᠣᠭᠠᠷ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠢᠴᠠᠭᠠᠬᠤ ᠺᠠᠳ᠋ᠷ ᠴᠠᠭᠳᠠᠭ᠎ᠠ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠤᠨ᠎ᠠ᠃    ︵ᠬᠤᠶᠠᠷ︶ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠵᠤ᠂ ᠠᠷᠠᠳ ᠤᠨ ᠠᠩᠬᠠᠨ ᠤ ᠡᠭᠦᠷᠭᠡ ᠬᠠᠷᠢᠭᠤᠴᠠᠯᠭ᠎ᠠ ᠶᠢ ᠪᠠᠶᠢᠴᠠᠭᠠᠬᠤ ᠠᠵᠢᠯ ᠢ ᠦᠢᠯᠡᠳᠦᠯᠭᠡᠵᠢᠭᠦᠯᠦᠨ᠎ᠡ    ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠡᠯ᠎ᠡ ᠵᠦᠢᠯ ᠤᠨ ᠨᠡᠪᠴᠢᠯᠲᠡ᠂ ᠡᠪᠳᠡᠯᠡᠭᠡ᠂ ᠨᠤᠷᠠᠭᠠᠯᠲᠠ᠂ ᠬᠠᠭᠠᠴᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠶᠠᠭᠠᠬᠢᠭᠰᠠᠨ ᠴᠤ ᠢᠯᠳᠠᠷ ᠬᠠᠶᠠᠬᠤ ᠦᠭᠡᠢ᠃ ᠬᠡᠷᠡᠭ ᠰᠢᠢᠳᠪᠤᠷᠢᠯᠡᠬᠦ ᠶᠠᠪᠤᠴᠠ ᠳᠤ ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠶᠠᠪᠤᠴᠠ ᠳᠤ ᠬᠡᠷᠡᠭ ᠰᠢᠢᠳᠪᠤᠷᠢᠯᠡᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢᠨ ᠳᠤᠮᠳᠠ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ    ︵ᠭᠤᠷᠪᠠ︶ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠶᠢᠴᠠᠭᠠᠬᠤ ᠠᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠱᠤᠭᠤᠬᠤ ᠶᠢ ᠲᠦᠯᠬᠢᠨ ᠠᠬᠢᠭᠤᠯᠤᠨ᠎ᠠ    ᠠᠳᠠᠯᠢ ᠪᠤᠰᠤ ᠠᠵᠢᠯ ᠤᠨ ᠪᠠᠶᠢᠷᠢ ᠠᠳᠠᠯᠢ ᠪᠤᠰᠤ ᠠᠵᠢᠯᠲᠠᠨ ᠤ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠢᠭᠠᠬᠤ᠂ ᠰᠤᠷᠤᠯᠴᠠᠬᠤ᠂ ᠪᠣᠯᠪᠠᠰᠤᠷᠠᠬᠤ᠂ ᠪᠠᠶᠢᠯᠳᠤᠬᠤ ᠶᠢ ᠨᠢᠭᠡ ᠴᠤᠭᠴᠠᠵᠢᠭᠤᠯᠬᠤ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ‌‍ᠲ᠋ᠡᠭᠦᠯᠳᠡᠷᠵᠢᠭᠦᠯᠵᠦ᠂ ᠬᠥᠮᠦᠵᠢᠭᠦᠯᠬᠦ ᠶᠢ ᠪᠦᠬᠦ ᠲᠠᠯ᠎ᠠ ᠪᠠᠷ ᠠᠳᠬᠤᠵᠤ᠂ ᠤᠯᠠᠨ ᠠᠷᠭ᠎ᠠ ᠵᠠᠮ ᠢᠶᠠᠷ ᠳᠠᠪᠲᠠᠨ ᠪᠣᠯᠪᠠᠰᠤᠷᠠᠭᠤᠯᠬᠤ ᠶᠢ ᠠᠳᠬᠤᠵᠤ᠂ ᠪᠦᠲᠦᠭᠡᠯᠴᠢ ᠴᠢᠨᠠᠷᠲᠠᠢ ᠪᠠᠷ ᠬᠡᠷᠡᠭᠯᠡᠬᠦ ᠶᠢ ᠠᠳᠬᠤᠵᠤ᠂ ︽ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂︾ ᠱᠠᠭᠠᠷᠳᠠᠯᠭ᠎ᠠ ᠳᠤ ᠴᠢᠭᠯᠡᠭᠦᠯᠦᠨ ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠢᠩᠭ᠎ᠠ᠂ ᠬᠠᠷᠢᠭᠤᠴᠠᠯᠭ᠎ᠠ ᠳᠠᠭᠠᠨ ᠴᠢᠩᠭ᠎ᠠ᠂ ᠰᠠᠬᠢᠯᠭ᠎ᠠ ᠪᠠᠲᠤ ᠪᠠᠷ ᠴᠢᠩᠭ᠎ᠠ᠂ ᠣᠪᠣᠷ ᠰᠤᠷᠲᠠᠯ ᠢᠶᠠᠷ ᠴᠢᠩᠭ᠎ᠠ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠵᠤ᠂ ᠨᠠᠮ ᠢ ᠰᠡᠳᠬᠢᠯ ᠠᠮᠤᠷ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠨ᠎ᠠ᠃    ︵ᠲᠦᠷᠪᠡ︶ ᠬᠡᠷᠡᠭ ᠰᠢᠢᠳᠪᠤᠷᠢᠯᠡᠬᠦ  ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠲᠦᠷᠪᠡᠨ ᠶᠡᠭᠡ ᠪᠠᠶᠢᠴᠠᠭᠠᠯᠲᠠ︾ ᠶᠢᠨ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ‌ᠠᠬᠢᠭᠤᠯᠤᠨ᠎ᠠ    ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠨᠢᠭᠡ ᠬᠡᠷᠡᠭ ᠢ ᠰᠢᠢᠳᠪᠦᠷᠢᠯᠡᠵᠦ᠂ ᠨᠢᠭᠡ ᠬᠡᠰᠡᠭ ᠢ ᠵᠠᠰᠠᠬᠤ︾ ᠶᠢ ᠪᠡᠶᠡᠯᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠ ᠵᠢᠯᠤᠭᠤᠳᠤᠯᠭ᠎ᠠ ᠶᠢᠨ ᠴᠢᠨᠠᠷᠲᠠᠶ ᠬᠡᠷᠡᠭ ᠤᠨ ᠵᠢᠱᠢᠶ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠪᠡᠷᠬᠡ ᠰᠡᠳᠦᠪ ᠢ ᠰᠢᠢᠳᠪᠦᠷᠢᠯᠡᠨ᠎ᠡ᠃ ᠬᠡᠷᠡᠭ ᠤᠨ ᠶᠠᠰᠤ ᠴᠢᠨᠠᠷ ᠢ ᠨᠠᠰᠤᠨ ᠲᠤᠷᠰᠢᠳᠠ ᠬᠠᠷᠢᠭᠤᠴᠠᠬᠤ ᠲᠦᠷᠢᠮ ᠪᠠ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ ᠢ ᠪᠠᠶᠢᠭᠤᠯᠤᠨ᠎ᠠ᠃ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ︽ᠲᠦᠷᠪᠡᠨ ᠶᠡᠭᠡ ᠪᠠᠶᠢᠴᠠᠭᠠᠯᠲᠠ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠡᠷᠡᠭᠦᠦ ᠶᠢᠨ ᠬᠡᠷᠡᠭ ᠤᠨ ᠪᠠᠶᠢᠴᠠᠭᠠᠬᠤ ᠬᠦᠷᠢᠶᠡᠨ ᠳᠤ᠂ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠦᠢᠯᠡᠳᠦᠯᠭᠡᠵᠢᠭᠦᠯᠵᠦ᠂ ᠴᠥᠭᠡᠨ ᠪᠠᠷᠢᠪᠴᠢᠯᠠᠬᠤ ᠳᠤ ᠪᠣᠯᠭᠤᠮᠵᠢᠲᠠᠶ ᠪᠠᠷ ᠵᠠᠭᠠᠯᠳᠤᠬᠤ ᠳᠤ ᠪᠣᠯᠭᠤᠮᠵᠢᠲᠠᠶ ᠪᠠᠷ ᠬᠤᠷᠢᠬᠤ ᠬᠠᠤᠯᠢ ᠪᠠᠷᠢᠬᠤ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠦᠷ᠎ᠡ ᠪᠦᠲᠦᠮᠵᠢ︾ ᠶᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ᠃ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠬᠡᠷᠡᠭ ᠤᠨ ᠢᠷᠡᠯᠳᠡ ᠶᠢ ᠥᠷᠭᠡᠳᠬᠡᠨ᠂ ᠪᠤᠷᠤᠭᠤ ᠲᠠᠰᠤᠯᠤᠨ ᠲᠣᠭᠲᠠᠭᠠᠯᠲᠠ ᠶᠢ ᠪᠦᠲᠦᠮᠵᠢᠲᠡᠶ ᠪᠠᠷ ᠵᠠᠯᠠᠷᠠᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠬᠠᠮᠠᠭᠠᠯᠠᠨ᠎ᠠ᠃ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠶᠢ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠶᠠᠪᠤᠴᠠ ᠳᠤ ᠢᠮᠠᠭᠲᠠ ᠲᠤᠭᠤᠰᠢᠯᠠᠭᠤᠯᠵᠦ᠂ ᠲᠤᠬᠠᠶ ᠶᠢᠨ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠢ ᠵᠥᠪ ᠢᠶᠠᠷ ᠣᠶᠢᠯᠠᠭᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠲᠠᠨᠢᠨ ᠮᠡᠳᠡᠬᠦ ᠬᠡᠮᠵᠢᠶ᠎ᠡ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃    ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ    ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠶᠢ ᠲᠡᠷᠭᠡᠯᠰᠢᠭᠦᠯᠵᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠳᠤ ᠂ ᠳᠠᠷᠠᠭᠠᠴᠢ ᠶᠢᠨ ᠨᠢᠭᠡ ᠵᠢᠯ ᠳᠤ᠂ ᠮᠠᠨ ᠤ ᠬᠤᠷᠢᠶ᠎ᠠ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ︽ᠬᠤᠶᠠᠷ ᠢ ᠲᠣᠭᠲᠠᠭᠠᠬᠤ︾ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠠᠷᠠᠳ ᠤᠨ ᠲᠥᠯᠥᠭᠡ ᠬᠠᠤᠯᠢ ᠪᠠᠷᠢᠬᠤ ᠶᠢᠨ ᠦᠨᠳᠦᠰᠦ ᠰᠤᠷᠪᠤᠯᠵᠢ ᠶᠢ ᠭᠦᠨ ᠦᠨᠳᠦᠰᠦᠯᠡᠭᠦᠯᠵᠦ᠂ ᠬᠠᠤᠯᠢ ᠴᠠᠭᠠᠵᠠ ᠶᠢᠨ ᠬᠢᠨᠠᠯᠲᠠ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠪᠠᠶᠢᠴᠠᠭᠠᠬᠤ ᠡᠭᠦᠷᠭᠡ ᠶᠢ ᠦᠨᠡᠨ ᠬᠦ ᠡᠭᠦᠷᠭᠡᠯᠡᠵᠦ᠂ ᠡᠯ᠎ᠡ ᠵᠦᠢᠯ ᠤᠨ ᠪᠠᠶᠢᠴᠠᠭᠠᠬᠤ ᠠᠵᠢᠯ ᠤᠨ ᠲᠠᠬᠢᠨ ᠰᠢᠨ᠎ᠡ ᠥᠨᠳᠥᠷ ᠲᠦᠪᠰᠢᠨ ᠳᠤ ᠭᠠᠷᠬᠤ ᠶᠢ ᠲᠦᠯᠬᠢᠨ ᠠᠬᠢᠭᠤᠯᠤᠨ᠎ᠠ᠃    ︵ᠨᠢᠭᠡ︶ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠵᠦ᠂ ᠰᠠᠬᠢᠯᠭ᠎ᠠ ᠪᠠᠲᠤ ᠶᠢ ᠤᠷᠲᠤ ᠬᠤᠭᠤᠴᠠᠭ᠎ᠠ ᠪᠠᠷ ᠠᠳᠬᠤᠬᠤ ᠬᠡᠷᠡᠭᠲᠡᠶ    ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠠᠶᠢᠴᠠᠭᠠᠬᠤ ᠠᠵᠢᠯ ᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢᠨ ᠳᠣᠣᠷ᠎ᠠ ᠲᠠᠯᠪᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠ ᠶᠡᠷᠡᠨ ᠵᠢᠯ ᠤᠨ ᠪᠠᠶᠢᠴᠠᠭᠠᠬᠤ ᠠᠵᠢᠯ ᠤᠨ ᠲᠡᠦᠬᠡ ᠠᠴᠠ ᠦᠵᠡᠯ ᠰᠠᠨᠠᠭᠠᠨ ᠤ ᠠᠤᠭ᠎ᠠ ᠬᠦᠴᠦᠨ ᠢ ᠰᠢᠩᠭᠡᠭᠡᠨ ᠠᠪᠴᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠪᠡ᠃ ᠨᠠᠮ ᠤᠨ ᠪᠠᠶᠢᠭᠤᠯᠤᠯᠲᠠ ᠪᠠᠷ ᠪᠠᠷᠢᠭᠠᠳᠠ ᠶᠢ ᠳᠠᠭᠠᠭᠤᠯᠤᠨ ᠪᠠᠶᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠬᠠᠮᠤᠭ ᠤᠨ ᠰᠢᠨ᠎ᠡ ᠤᠨᠤᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠬᠤ ᠬᠡᠷᠡᠭᠲᠡᠶ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠲᠦᠯᠬᠢᠨ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ︽ᠨᠠᠢᠮᠠᠨ ᠴᠠᠭ ᠠᠴᠠ ᠭᠠᠳᠠᠨᠠᠬᠢ︾ ︽ᠠᠮᠢᠳᠤᠷᠠᠯ ᠤᠨ ᠬᠦᠷᠢᠶ᠎ᠡ︾᠂ ︽ᠨᠡᠶᠢᠭᠡᠮ ᠤᠨ ᠬᠠᠷᠢᠯᠴᠠᠭᠠᠨ ᠤ ᠬᠦᠷᠢᠶ᠎ᠡ︾᠂ ︽ ᠨᠠᠶᠢᠵᠠ ᠶᠢᠨ ᠬᠦᠷᠢᠶ᠎ᠡ︾ ᠶᠢ ᠴᠡᠪᠡᠷᠰᠢᠭᠦᠯᠦᠨ᠎ᠡ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠵᠦ᠂ ᠰᠠᠬᠢᠯᠭ᠎ᠠ ᠪᠠᠲᠤ ᠶᠢᠨ ᠬᠢᠨᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠶᠢᠩᠭᠤ ᠠᠳᠬᠤᠨ ᠪᠠᠶᠢᠩᠭᠤ ᠴᠢᠩᠭ᠎ᠠ ᠪᠠᠶᠢᠯᠭᠠᠬᠤ ᠶᠢ ᠪᠡᠶᠡᠯᠡᠭᠦᠯᠦᠨ᠎ᠡ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠠᠢ ᠬᠠᠮᠲᠤ ᠪᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠰᠬᠠᠢ ᠰᠡᠳᠦᠪᠲᠦ ᠵᠥᠪᠳᠡᠯᠴᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ︽ᠬᠤᠶᠠᠷ ᠬᠠᠷᠢᠭᠤᠴᠠᠯᠭ᠎ᠠ︾ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠠᠳᠠᠯᠢ ᠳᠠᠪᠲᠠᠮᠵᠢ ᠪᠠᠷ ᠬᠥᠭᠵᠢᠬᠦ ᠶᠢ ᠠᠬᠢᠭᠤᠯᠤᠨ᠎ᠠ᠃ ︽ᠭᠤᠷᠪᠠᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠬᠤ ᠪᠠ ᠬᠡᠷᠡᠭ ᠰᠢᠢᠳᠪᠤᠷᠢᠯᠡᠬᠦ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠬᠠᠮᠢᠶᠠᠷᠬᠤ ᠪᠤᠶᠤ ᠲᠡᠭᠦᠨ ᠳᠤ ᠭᠠᠷ ᠲᠦᠷᠦᠭᠦ᠂ ᠲᠡᠭᠦᠨ ᠳᠤ ᠭᠠᠷ ᠲᠦᠷᠦᠭᠦ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠬᠠᠤᠯᠢ ᠰᠠᠬᠢᠯᠭ᠎ᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠪᠠᠷᠢᠬᠤ ᠠᠵᠢᠯᠯᠠᠭ᠎ᠠ ᠶᠢ ᠵᠢᠷᠤᠮᠵᠢᠭᠤᠯᠤᠨ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠦᠵᠡᠯ ᠰᠠᠨᠠᠭᠠᠨ ᠤ ᠪᠠᠲᠤᠯᠠᠭ᠎ᠠ ᠶᠢ ᠬᠠᠩᠭᠠᠨ᠎ᠠ᠃    ︵ᠬᠤᠶᠠᠷ︶ ᠨᠠᠷᠢᠯᠢᠭ ᠲᠠᠷᠢᠵᠤ ᠨᠢᠮᠪᠠᠶ ᠠᠷᠠᠴᠢᠯᠠᠵᠤ ᠲᠤᠬᠠᠶᠢᠯᠠᠭᠰᠠᠨ ᠠᠵᠢᠯ ᠢᠶᠠᠨ ᠴᠢᠩᠭᠠᠳᠬᠠᠨ᠂ ᠶᠡᠭᠡ ᠲᠠᠯ᠎ᠠ ᠶᠢ ᠪᠣᠳᠣᠯᠬᠢᠯᠠᠨ ᠠᠷᠠᠳ ᠤᠨ ᠠᠮᠢᠳᠤᠷᠠᠯ ᠢ ᠪᠠᠲᠤᠯᠠᠨ᠎ᠠ    ᠡᠷᠡᠭᠦᠦ ᠶᠢᠨ ᠬᠡᠷᠡᠭ ᠤᠨ ᠪᠠᠶᠢᠴᠠᠭᠠᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠤᠨ ᠬᠠᠷᠢᠴᠠᠯ ᠢ ᠪᠠᠭᠤᠷᠠᠭᠤᠯᠤᠨ᠂ ᠰᠢᠭᠦᠬᠦ ᠠᠴᠠ ᠡᠮᠦᠨ᠎ᠡ ᠬᠤᠷᠢᠬᠤ ᠶᠢ ᠪᠠᠭᠠᠰᠬᠠᠵᠤ᠂ ᠶᠠᠯ᠎ᠠ ᠪᠠᠨ ᠮᠡᠳᠡᠷᠡᠵᠦ  ᠰᠢᠢᠳᠬᠡᠯ ᠢ ᠮᠡᠳᠡᠷᠡᠭᠰᠡᠨ ᠢ ᠠᠭᠤᠴᠢᠯᠠᠨ ᠰᠢᠢᠳᠬᠡᠬᠦ ᠲᠦᠷᠢᠮ ᠢ ᠪᠦᠬᠦ ᠲᠠᠯ᠎ᠠ ᠪᠠᠷ ᠬᠡᠷᠡᠭᠯᠡᠵᠦ᠂ ᠵᠠᠭᠠᠯᠳᠤᠯᠭ᠎ᠠ ᠶᠢᠨ ᠲᠠᠰᠤᠯᠤᠯᠲᠠ ᠶᠢᠨ ᠡᠷᠬᠡ ᠶᠢ ᠭᠦᠢᠴᠡᠳ ᠬᠡᠷᠡᠭᠵᠢᠭᠦᠯᠦᠨ᠎ᠡ᠃ ᠢᠷᠭᠡᠨ ᠤ ᠬᠡᠷᠡᠭ ᠤᠨ ᠪᠠᠶᠢᠴᠠᠭᠠᠯᠲᠠ᠂ ᠵᠠᠰᠠᠭ ᠵᠠᠬᠢᠷᠭᠠᠨ ᠤ ᠪᠠᠶᠢᠴᠠᠭᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠢᠷᠭᠡᠨ ᠤ ᠬᠡᠷᠡᠭ ᠤᠨ ᠲᠠᠰᠣᠯᠣᠨ ᠲᠣᠭᠲᠠᠭᠠᠯᠲᠠ ᠪᠠ ᠭᠦᠢᠴᠡᠳᠬᠡᠯᠲᠡ ᠳᠤ ᠬᠢᠨᠠᠯᠲᠠ ᠲᠠᠯᠪᠢᠬᠤ ᠠᠵᠢᠯ ᠢ ᠨᠠᠷᠢᠨ ᠨᠢᠮᠪᠠᠶ ᠬᠢᠵᠦ᠂ ᠬᠤᠳᠠᠯ ᠬᠠᠭᠤᠷᠮᠠᠭ ᠵᠠᠷᠭᠤ ᠶᠢ ᠰᠡᠷᠭᠡᠶᠢᠯᠡᠬᠦ᠂ ᠬᠢᠨᠠᠯᠲᠠ ᠲᠠᠯᠪᠢᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠬᠦᠴᠦᠨ ᠲᠠᠢ ᠪᠣᠯᠤᠭᠰᠠᠨ ᠲᠠᠰᠣᠯᠣᠨ ᠲᠣᠭᠲᠠᠭᠠᠯᠲᠠ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠠᠷᠢᠯᠭᠠᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠦᠷᠭᠦᠯᠵᠢᠯᠡᠨ ᠪᠣᠳᠠᠲᠠᠶ ᠬᠢᠵᠦ᠂ ᠮᠠᠨ ᠤ ᠬᠤᠰᠢᠭᠤᠨ ᠤ ᠭᠠᠵᠠᠷ ᠨᠤᠲᠤᠭ ᠥᠷᠭᠡᠨ ᠠᠭᠤᠳᠠᠮ ᠂ ᠭᠠᠵᠠᠷ ᠤᠨ ᠲᠥᠷᠬᠦ ᠨᠠᠷᠢᠨ ᠪᠤᠳᠤᠯᠢᠶᠠᠨᠲᠠᠶ ᠣᠨᠴᠠᠯᠢᠭ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠲᠠᠢ ᠤᠶᠠᠯᠳᠤᠭᠤᠯᠤᠨ ᠢᠳᠡᠪᠬᠢᠲᠡᠶ ᠪᠠᠷ ᠠᠵᠢᠯᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠠᠴᠠ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠪᠠᠶᠢᠴᠠᠭᠠᠬᠤ ᠠᠵᠢᠯ ᠤᠨ ᠬᠥᠬᠡ ᠥᠩᠭᠡ︾ ᠪᠠᠷ ︽ᠠᠮᠢ ᠠᠬᠤᠶ ᠶᠢᠨ ᠨᠣᠭᠤᠭᠠᠨ ᠥᠩᠭᠡ︾ ᠶᠢ ᠰᠠᠬᠢᠨ ᠬᠠᠮᠠᠭᠠᠯᠠᠵᠤ᠂ ︽ᠲᠤᠰᠬᠠᠶᠢᠵᠢᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ + ᠰᠡᠷᠭᠦᠭᠡᠯᠲᠡ ᠶᠢᠨ ᠴᠢᠨᠠᠷᠲᠠᠶ ᠬᠠᠤᠯᠢ ᠴᠠᠭᠠᠵᠠ ᠵᠢᠨ‌ᠦᠢᠯᠡᠳᠦᠯᠭᠡ + ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠵᠠᠰᠠᠯᠲᠠ︾ ᠶᠢᠨ ᠠᠮᠢ ᠠᠬᠤᠶ ᠶᠢᠨ ᠪᠠᠶᠢᠴᠠᠭᠠᠬᠤ ᠵᠠᠭᠪᠤᠷ ᠢ ᠭᠦᠨᠵᠡᠭᠡᠶᠢᠷᠡᠭᠦᠯᠦᠨ ᠦᠢᠯᠡᠳᠦᠯᠭᠡᠵᠢᠭᠦᠯᠬᠦ ᠪᠠ ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠶᠢᠴᠠᠭᠠᠬᠤ ᠪᠠᠶᠢᠩᠭᠤ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ ᠢ ᠠᠷᠭᠠᠴᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠶᠢ ᠠᠬᠢᠭᠤᠯᠵᠤ᠂ ᠰᠠᠮᠠᠭᠤᠷᠠᠯ ᠠᠴᠠ ᠬᠠᠷᠭᠢᠰ ᠬᠦᠴᠦᠨ ᠡᠭᠦᠰᠬᠦ᠂ ᠬᠠᠷᠭᠢᠰ ᠬᠦᠴᠦᠨ ᠠᠴᠠ ᠬᠠᠷ᠎ᠠ ᠬᠦᠴᠦᠨ ᠪᠣᠯᠬᠤ ᠬᠠᠨᠳᠤᠰᠢ ᠶᠢ ᠴᠠᠭ ᠲᠤᠬᠠᠢ ᠳᠤᠨᠢ ᠢᠯᠡᠷᠡᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠬᠦ ᠬᠥᠷᠥᠰᠥ ᠰᠢᠷᠣᠢ ᠶᠢ ᠡᠷᠡᠰ ᠢᠶᠠᠷ ᠠᠷᠢᠯᠭᠠᠬᠤ ᠬᠡᠷᠡᠭᠲᠡᠢ᠃ ᠬᠦᠨᠳᠦ ᠨᠣᠴᠢᠲᠠᠶ ᠡᠷᠡᠭᠦᠦ ᠶᠢᠨ ᠶᠠᠯᠠᠲᠤ ᠠᠵᠢᠯᠯᠠᠭ᠎ᠠ ᠳᠤ ᠢᠮᠠᠭᠲᠠ ᠰᠦᠷ ᠬᠦᠴᠦᠲᠡᠶ ᠪᠠᠷ ᠰᠦᠷᠳᠡᠭᠦᠯᠦᠨ ᠰᠦᠷᠳᠡᠭᠦᠯᠬᠦ ᠪᠠᠶᠢᠳᠠᠯ ᠲᠠᠢ ᠪᠠᠶᠢᠪᠠ᠃ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠶᠠᠯᠠᠲᠤ ᠠᠵᠢᠯᠯᠠᠭ᠎ᠠ᠂ ᠰᠢᠨ᠎ᠡ ᠮᠠᠶ᠋ᠢᠭ ᠤᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠭᠡᠬᠦ ᠪᠠ ᠤᠷᠢᠳᠴᠢᠯᠠᠨ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠠᠵᠢᠯ ᠢ ᠴᠢᠩᠭᠠᠳᠬᠠᠵᠤ᠂ ᠬᠤᠣᠰ ᠴᠢᠭᠯᠡᠯ ᠢᠶᠠᠷ ᠬᠠᠮᠠᠭᠠᠯᠠᠬᠤ ᠵᠠᠷᠴᠢᠮ ᠢ ᠨᠠᠶᠢᠳᠠᠪᠤᠷᠢᠵᠢᠭᠤᠯᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠠᠵᠢᠯ ᠢ ᠲᠦᠯᠬᠢᠨ ᠠᠬᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠠᠶᠢᠲᠤᠷ  ᠰᠢᠢᠳᠪᠤᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠴᠢᠳᠠᠪᠤᠷᠢ ᠣᠯᠭᠤᠨ᠎ᠠ᠃ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠬᠦ ᠡᠷᠴᠢ ᠵᠣᠷᠢᠭ ᠪᠠ ᠲᠣᠭᠲᠠᠯ ᠬᠦᠴᠦᠨ ᠢ ᠪᠠᠳᠠᠷᠠᠭᠤᠯᠵᠤ᠂ ᠠᠷᠠᠳ ᠲᠦᠮᠡᠨ ᠤ ᠬᠠᠤᠯᠢ ᠪᠠᠷᠢᠬᠤ᠂ ᠶᠡᠭᠡ ᠲᠠᠯ᠎ᠠ ᠳᠤ ᠦᠢᠯᠡᠴᠢᠯᠡᠨ᠎ᠡ᠃    ︵ᠭᠤᠷᠪᠠ︶ ᠦᠢᠯᠡᠳᠦᠯ ᠴᠢᠳᠠᠪᠤᠷᠢ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠶᠢᠯᠠᠭᠠᠭᠳᠠᠬᠤᠨ ᠢᠶᠠᠨ ᠰᠢᠨᠡᠳᠬᠡᠵᠦ ᠵᠢᠳᠬᠦᠯ ᠴᠢᠷᠮᠠᠶᠢᠯᠭ᠎ᠠ ᠭᠠᠷᠭᠠᠨ᠎ᠠ    ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠠᠬᠤ᠂ ᠦᠨᠡᠨ ᠠᠴᠠ ᠵᠥᠪ ᠢ ᠡᠷᠢᠬᠦ᠂ ᠬᠥᠳᠡᠯᠦᠩᠭᠦᠶ ᠪᠠᠷ ᠬᠠᠮᠢᠶᠠᠷᠬᠤ᠂ ᠴᠢᠩᠭ᠎ᠠ ᠬᠠᠮᠢᠶᠠᠷᠴᠤ ᠵᠤᠵᠠᠭᠠᠨ ᠬᠠᠶᠢᠷᠠᠯᠠᠬᠤ ᠵᠠᠷᠴᠢᠮ ᠢ ᠪᠠᠷᠢᠮᠲᠠᠯᠠᠨ᠂ ᠨᠢᠭᠡᠳᠦᠭᠡᠷ ᠹᠷᠣᠨᠲ ᠤᠨ ᠬᠦᠴᠦᠨ ᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠠᠶᠢᠴᠠᠭᠠᠬᠤ ᠲᠤᠰᠢᠶᠠᠯᠲᠠᠨ ᠤ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠶᠢᠨ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ᠳᠡᠭᠡᠳᠦ ᠪᠠᠶᠢᠴᠠᠭᠠᠬᠤ ᠬᠤᠷᠢᠶᠠᠨ ᠤ ᠲᠣᠭᠲᠠᠭᠠᠭᠰᠠᠨ ᠭᠤᠣᠯ ᠬᠡᠷᠡᠭ ᠤᠨ ᠶᠠᠰᠤ ᠴᠢᠨᠠᠷ ᠤᠨ ᠦᠨᠡᠯᠡᠯᠲᠡ ᠶᠢᠨ ᠭᠦᠢᠴᠡᠳᠬᠡᠬᠦ ᠲᠤᠭ᠎ᠠ ᠶᠢ ᠴᠢᠩᠭ᠎ᠠ ᠠᠩᠬᠠᠷᠴᠤ᠂ ᠬᠡᠷᠡᠭ ᠢ ᠪᠦᠬᠦ ᠤᠯᠤᠰ ᠤᠨ ᠳᠤᠮᠳᠠᠴᠢ ᠬᠡᠮᠵᠢᠭᠳᠡᠯ ᠠᠴᠠ ᠳᠠᠪᠠᠭᠤᠯᠢᠭ ᠪᠠᠶᠢᠯᠭᠠᠬᠤ ᠪᠠᠷ ᠴᠢᠷᠮᠠᠶᠢᠵᠤ᠂ ᠶᠠᠯ᠎ᠠ ᠪᠠᠨ ᠮᠡᠳᠡᠷᠡᠵᠦ ᠲᠣᠷᠭᠠᠭᠤᠯᠢ ᠶᠢ ᠬᠦᠯᠢᠶᠡᠬᠦ ᠳᠤ ᠬᠡᠷᠡᠭᠯᠡᠬᠦ ᠨᠤᠷᠮ᠎ᠠ ᠶᠢ 83% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠨ ᠬᠠᠮᠵᠢᠯᠴᠠᠬᠤ ᠠᠯᠪᠠᠨ ᠭᠡᠷ ᠲᠤ ᠲᠦᠰᠢᠭᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠪᠠ ᠪᠠᠷᠢᠪᠴᠢᠯᠠᠬᠤ ᠶᠢ ᠬᠢᠨᠠᠨ ᠪᠠᠶᠢᠴᠠᠭᠠᠬᠤ᠂ ᠵᠠᠭᠠᠯᠳᠤᠯᠭ᠎ᠠ ᠶᠢ ᠬᠢᠨᠠᠨ ᠪᠠᠶᠢᠴᠠᠭᠠᠬᠤ ᠵᠡᠷᠭᠡ ᠵᠠᠷᠭᠤ ᠶᠢᠨ ᠵᠠᠩᠭᠢᠯᠠᠭ᠎ᠠ ᠳᠠᠬᠢ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠡᠷᠡᠭᠦᠦ ᠶᠢᠨ ᠵᠠᠷᠭᠤ ᠶᠢᠨ ᠠᠵᠢᠯᠯᠠᠭ᠎ᠠ ᠶᠢᠨ ᠬᠠᠤᠯᠢ ᠶᠣᠰᠣᠭᠠᠷ᠂ ᠵᠢᠷᠤᠮᠵᠢᠯ ᠲᠠᠢ ᠪᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠪᠠᠶᠢᠴᠠᠭᠠᠬᠤ ᠳᠠᠷᠤᠭ᠎ᠠ ᠶᠢᠨ ᠰᠢᠭᠦᠬᠦ ᠺᠣᠮᠢᠰ ᠲᠤ ᠰᠤᠯᠠ ᠣᠷᠣᠯᠴᠠᠬᠤ ᠲᠦᠷᠢᠮ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠪᠠ ᠬᠠᠤᠯᠢ ᠴᠠᠭᠠᠵᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠷᠭᠤ ᠶᠢᠨ ᠰᠢᠭᠦᠯᠲᠡ ᠶᠢᠨ ᠠᠵᠢᠯ ᠤᠨ ᠰᠠᠶᠢᠨ ᠨᠥᠬᠦᠴᠡᠯᠳᠦᠯ ᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠠᠰᠢᠭ ᠬᠥᠷᠳᠡᠵᠤ ᠬᠠᠮᠲᠤ ᠪᠠᠷ ᠠᠰᠢᠭ ᠬᠥᠷᠳᠡᠵᠤ ᠤᠯᠠᠨ ᠲᠠᠯ᠎ᠠ ᠪᠠᠷ ᠠᠰᠢᠭ ᠬᠥᠷᠳᠡᠬᠦ ᠬᠠᠷᠠᠯᠲᠠ ᠶᠢ ᠪᠡᠶᠡᠯᠡᠭᠦᠯᠦᠨ᠎ᠡ᠃ ᠢᠯᠡ ᠪᠠᠷ ᠬᠠᠤᠯᠢ ᠪᠠᠷᠢᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠴᠠᠭᠠᠬᠤ ᠠᠵᠢᠯ ᠢ ᠢᠯᠡ ᠪᠣᠯᠭᠠᠬᠤ ᠪᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠡᠷᠴᠢᠮᠵᠢᠭᠦᠯᠦᠨ ᠠᠭᠤᠰᠤᠯᠴᠠᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠶᠢ ᠪᠠᠶᠢᠴᠠᠭᠠᠨ ᠬᠡᠷᠡᠭ ᠰᠢᠢᠳᠪᠤᠷᠢᠯᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠤᠯᠠᠨ ᠡᠰᠢᠲᠦ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠴᠠᠭᠠᠬᠤ ᠦᠢᠯᠡᠳᠬᠦᠨ ᠢ ᠬᠠᠩᠭᠠᠨ᠎ᠠ᠃    ︵ᠲᠦᠷᠪᠡ︶ ᠠᠵᠢᠯ ᠤᠨ ᠪᠠᠶᠢᠷᠢ ᠳᠠᠭᠠᠨ ᠰᠠᠭᠤᠷᠢᠯᠠᠨ ᠰᠢᠯᠢᠳᠡᠭ ᠢ ᠰᠣᠩᠭᠤᠵᠤ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠶ ᠪᠠᠷ ᠭᠦᠢᠴᠡᠳᠬᠡᠵᠦ ᠡᠶ᠎ᠡ ᠵᠣᠬᠢᠴᠠᠯ ᠢ ᠠᠬᠢᠭᠤᠯᠤᠨ᠎ᠠ    ︽ᠠᠵᠢᠯ ᠢᠶᠠᠨ ᠰᠠᠶᠢᠨ ᠬᠢᠶ᠎ᠠ ᠭᠡᠪᠡᠯ ᠵᠡᠪᠰᠡᠭ ᠢᠶᠠᠨ ᠤᠷᠢᠳᠠᠪᠠᠷ ᠬᠤᠷᠴᠠ ᠪᠣᠯᠭᠠᠬᠤ ᠬᠡᠷᠡᠭᠲᠡᠶ︾᠃ ᠲᠤᠰᠬᠠᠶᠢᠵᠢᠭᠰᠠᠨ ᠪᠠᠶᠢᠴᠠᠭᠠᠬᠤ ᠴᠢᠳᠠᠪᠤᠷᠢᠲᠠᠨ ᠢ ᠬᠥᠮᠦᠵᠢᠭᠦᠯᠬᠦ ᠶᠢ ᠬᠠᠤᠯᠢ ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠦᠨᠳᠦᠰᠦ ᠪᠣᠯᠭᠠᠵᠤ᠂ ᠪᠣᠳᠠᠲᠤ ᠠᠵᠢᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠤᠷᠤᠯᠳᠤᠭᠠᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠠᠳ᠋ᠷ ᠴᠠᠭᠳᠠᠭ᠎ᠠ ᠶᠢᠨ ᠵᠦᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠬᠦᠳᠦᠯᠦᠨ ᠵᠢᠯᠣᠭᠤᠳᠤᠨ᠎ᠠ᠃ ︽ᠡᠭᠦᠷᠭᠡ ᠳᠠᠭᠠᠭᠠᠯᠭᠠᠬᠤ︾ ᠪᠠᠷ ᠳᠠᠮᠵᠢᠭᠤᠯᠤᠨ ᠳᠠᠯᠳᠠ ᠴᠢᠳᠠᠪᠤᠷᠢ ᠶᠢ ᠬᠥᠭᠵᠢᠭᠡᠵᠦ᠂ ᠵᠣᠷᠢᠭ ᠰᠠᠨᠠᠭ᠎ᠠ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠶ᠃ ᠬᠥᠮᠦᠨ ᠰᠣᠩᠭᠤᠵᠤ ᠬᠥᠮᠦᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ︽ᠠᠰᠠᠭᠤᠳᠠᠯ ᠲᠠᠢ ᠬᠥᠮᠦᠨ ᠢ ᠳᠡᠪᠰᠢᠭᠦᠯᠬᠦ︾ ᠶᠢ ᠡᠷᠡᠰ ᠵᠣᠭᠰᠣᠭᠠᠵᠤ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠷ ᠰᠠᠶᠢᠨ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠴᠢᠩᠭ᠎ᠠ ᠺᠠᠳ᠋ᠷ ᠴᠠᠭᠳᠠᠭ᠎ᠠ ᠶᠢ ᠦᠨᠡᠨ ᠬᠦ ᠰᠢᠯᠢᠨ ᠰᠣᠩᠭᠤᠵᠤ᠂ ᠡᠩᠨᠡᠭᠡ ᠶᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠢᠯᠡ ᠪᠠᠷ ᠭᠡᠷᠡᠴᠢᠯᠡᠭᠡ ᠰᠣᠨᠣᠰᠬᠤ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠶᠠᠪᠤᠳᠠᠯ ᠤᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠡᠷᠡᠭᠦᠦ ᠶᠢᠨ ᠬᠡᠷᠡᠭ ᠤᠨ ᠡᠶᠡᠳᠡᠯ ᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠯ᠎ᠠ ᠪᠠᠨ ᠮᠡᠳᠡᠷᠡᠵᠦ ᠰᠢᠳᠬᠡᠯ ᠢ ᠮᠡᠳᠡᠷᠡᠭᠰᠡᠨ ᠢ ᠠᠭᠤᠴᠢᠯᠠᠨ ᠰᠢᠳᠬᠡᠬᠦ ᠲᠦᠷᠢᠮ ᠤᠨ ᠬᠡᠷᠡᠭᠯᠡᠯᠲᠡ ᠶᠢ ᠴᠢᠩᠭᠠᠳᠬᠠᠵᠤ᠂ ᠨᠡᠶᠢᠭᠡᠮ ᠤᠨ ᠭᠠᠵᠢᠭᠤ ᠰᠤᠷᠲᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ᠎ᠠ᠃    ᠲᠥᠯᠥᠭᠡᠯᠡᠭᠴᠢᠳ ᠡ᠂ ᠰᠢᠨ᠎ᠡ ᠪᠠᠶᠢᠳᠠᠯ ᠨᠢ ᠪᠠᠶᠢᠴᠠᠭᠠᠬᠤ ᠠᠵᠢᠯ ᠳᠤ ᠨᠡᠩ ᠥᠨᠳᠥᠷ ᠱᠠᠭᠠᠷᠳᠠᠯᠭ᠎ᠠ ᠲᠠᠯᠪᠢᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠦᠴᠦᠲᠡᠶ ᠬᠢᠨᠠᠯᠲᠠ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠳᠣᠣᠷ᠎ᠠ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠪ ᠴᠢᠩᠭ᠎ᠠ ᠲᠤᠭ ᠢ ᠪᠤᠰᠬᠠᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ᠃        
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号