ᠯᠢ ᠬᠤᠩ ᠼᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/2/21
     2 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠷᠴᠢᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠠᠩ ᠯᠸᠢ ᠵᠢᠴᠢ ᠠᠶᠢᠮᠠᠭ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃     ᠯᠢ ᠬᠤᠩ ᠼᠠᠢ ᠨᠠᠷ ᠤᠷᠢᠳ ᠬᠤᠵᠢᠳ ᠬᠤᠷᠴᠢᠨ ᠪᠠᠯᠭᠠᠰᠤ ᠪᠣᠯᠤᠨ ᠭᠦᠢᠯᠡᠷ ᠪᠠᠯᠭᠠᠰᠤᠨ ᠳᠤ ᠬᠦᠷᠴᠦ᠂ ᠫᠢᠩ ᠠᠨ ᠲᠣᠰᠬᠤᠨ ᠤ ᠲᠥᠪᠡᠳ ᠬᠠᠰᠢ ᠶᠢᠨ ᠪᠢᠴᠢᠯ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ᠂ ᠶᠤᠸᠠᠨ ᠰᠢᠨ ᠲᠣᠰᠬᠤᠨ ᠤ ︽ᠢᠳᠡᠰᠢᠨ ᠨᠣᠭᠤᠭᠠᠨ ᠤ ᠬᠤᠯᠪᠣᠭ᠎ᠠ︾ ᠶᠢᠨ ᠮᠢᠩᠭᠠᠨ ᠮᠥ ᠪᠡᠯᠡᠳᠬᠡᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠭᠤᠸᠠᠩ ᠷᠦᠩ ᠭᠠᠴᠠᠭ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠵᠦ ᠶᠠᠳᠠᠭᠤ ᠶᠢ ᠲᠡᠳᠬᠦᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠥᠷᠥᠯ ᠵᠦᠢᠯ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠨᠥᠯᠥᠭᠡᠯᠡᠨ ᠳᠠᠶᠢᠴᠢᠯᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠬᠤᠩ ᠼᠠᠢ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠪᠣᠳᠠᠲᠠᠶ ᠱᠠᠭᠠᠷᠳᠠᠯᠭ᠎ᠠ ᠶᠢ ᠭᠦᠨᠵᠡᠭᠡᠶ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠡᠭᠦᠷᠭᠡ ᠶᠢᠨ ᠨᠠᠷᠢᠨ ᠲᠠᠩᠰᠠᠴᠢᠯᠠᠭᠰᠠᠨ ᠠᠵᠢᠯ ᠤᠨ ᠵᠠᠭᠪᠤᠷ ᠢᠶᠠᠷ ᠡᠯ᠎ᠡ ᠬᠦᠷᠢᠶᠡᠨ ᠤ ᠠᠵᠢᠯ ᠤᠨ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠡᠭᠦᠷᠭᠡ ᠶᠢ ᠲᠣᠳᠣᠷᠬᠠᠶᠢᠯᠠᠵᠤ᠂  ᠭᠦᠢᠴᠡᠳᠭᠡᠬᠦ ᠲᠤᠭ᠎ᠠ ᠶᠢ ᠲᠣᠳᠣᠷᠬᠠᠶᠢᠯᠠᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ᠂ ᠪᠣᠳᠠᠲᠠᠢ ᠠᠷᠭ᠎ᠠ ᠬᠡᠮᠵᠢᠶ᠎ᠡ ᠶᠢ ᠲᠣᠰᠬᠤᠨ ᠡᠷᠦᠬᠡ ᠳᠤ ᠬᠦᠷᠲᠡᠯ᠎ᠡ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠵᠢᠱᠢᠭᠰᠡᠨ ᠦᠷ᠎ᠡ ᠪᠦᠲᠦᠮᠵᠢ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠺᠠᠳ᠋ᠷᠴᠤᠳ ᠤᠨ ᠬᠥᠳᠡᠭᠡ ᠪᠠᠭᠤᠬᠤ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠠᠷᠢᠮᠠᠯ ᠤᠨ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠦᠢᠯᠡᠰ ᠢ ᠡᠷᠲᠡ ᠠᠴᠠ ᠬᠢᠵᠦ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠪᠠᠷ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠵᠤ᠂ ᠬᠢᠵᠠᠭᠠᠷ ᠲᠠᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠥᠨᠳᠥᠷ ᠪᠦᠲᠦᠮᠵᠢᠲᠡᠢ ᠠᠬᠢᠭᠤᠯᠵᠤ᠂ ᠲᠠᠷᠢᠶᠠᠨ ᠴᠠᠭ ᠢ ᠰᠠᠭᠠᠲᠠᠭᠠᠬᠤ ᠦᠭᠡᠢ ᠬᠠᠪᠤᠷ ᠤᠨ ᠠᠵᠢᠯ ᠢ ᠰᠠᠭᠠᠲᠠᠭᠠᠬᠤ ᠦᠭᠡᠢ ᠪᠠᠶᠢᠬᠤ ᠬᠡᠷᠡᠭᠲᠡᠢ ᠭᠡᠵᠡᠢ᠃     ᠬᠤᠷᠠᠯ ᠳᠡᠭᠡᠷ᠎ᠡ᠂ ᠯᠢᠦ ᠭᠠᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠢᠳᠡᠰᠢᠨ ᠨᠣᠭᠤᠭ᠎ᠠ ᠵᠢᠴᠢ ᠲᠦᠬᠦᠭᠡᠷᠦᠮᠵᠢᠲᠦ ᠲᠠᠷᠢᠶᠠᠯᠠᠩ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠨᠡᠮᠡᠭᠳᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号