ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ  ᠨᠠᠭᠠᠯᠲᠠ ᠵᠠᠬᠢᠶᠠᠯᠠᠭ᠎ᠠ ᠶᠢᠨ ᠬᠤᠭᠤᠯᠠᠨ ᠤ ᠠᠮᠤᠷ ᠲᠦᠪᠰᠢᠨ ᠤ ︽ᠡᠴᠦᠰ ᠤᠨ ᠨᠢᠭᠡ ᠺᠢᠯᠣᠮᠧᠲᠷ︾ ᠢ ᠪᠠᠲᠤ ᠰᠠᠬᠢᠪᠠ
ᠨᠡᠶᠢᠲᠡᠯᠡᠭᠰᠡᠨ ᠴᠠᠭ᠄
2022/2/22
    【ᠰᠤᠷᠪᠤᠯᠵᠢᠯᠠᠨ ᠶᠠᠷᠢᠯᠴᠠᠭᠰᠠᠨ ᠴᠠᠭ】 2022 ᠣᠨ ᠤ 4 ᠰᠠᠷ᠎ᠠ ᠶᠢᠨ 11 ᠤ ᠡᠳᠦᠷ    【ᠰᠣᠷᠪᠤᠯᠵᠢᠯᠠᠭ᠎ᠠ ᠶᠢᠨ ᠬᠦᠨᠳᠦᠲᠦ ᠵᠣᠴᠢᠨ】 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠸᠠᠩ ᠶᠠ ᠯᠢ     【ᠭᠤᠣᠯ ᠰᠠᠨᠠᠭᠤᠯᠤᠮᠵᠢ】       ᠣᠳᠣᠬᠠᠨ ᠳᠤ᠂ ᠰᠦᠯᠵᠢᠶ᠎ᠡ ᠪᠠᠷ ᠬᠤᠭᠤᠯᠠ ᠵᠠᠬᠢᠶᠠᠯᠠᠬᠤ ᠨᠢ ᠨᠢᠭᠡᠨᠲᠡ ᠬᠥᠮᠥᠰ ᠤᠨ ᠲᠤᠲᠠᠭᠳᠠᠵᠤ ᠪᠣᠯᠣᠰᠢ ᠦᠭᠡᠢ ᠨᠢᠭᠡ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠵᠤ᠂ ᠰᠦᠯᠵᠢᠶᠡᠨ ᠤ ᠬᠤᠭᠤᠯᠠ ᠤᠮᠳᠠᠭᠠᠨ ᠤ ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠡᠳᠦᠷ ᠢᠷᠡᠬᠦᠶ᠎ᠡ ᠨᠢᠭᠲᠠ ᠪᠣᠯᠵᠤ᠂ ᠥᠷᠭᠡᠨ ᠣᠯᠠᠨ ᠠᠷᠠᠳ ᠲᠦᠮᠡᠨ ᠤ ᠠᠩᠬᠠᠷᠤᠯ ᠤᠨ ᠲᠥᠪ ᠪᠣᠯᠵᠤ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠤᠯᠪᠤᠭᠠᠯᠠᠨ ᠬᠥᠳᠡᠯᠦᠯᠴᠡᠵᠦ᠂ ᠲᠤᠰᠬᠠᠢ ᠵᠦᠢᠯ ᠤᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠰᠦᠯᠵᠢᠶᠡᠨ ᠳᠡᠭᠡᠷ᠎ᠡ ᠬᠤᠭᠤᠯᠠ ᠵᠠᠬᠢᠶᠠᠯᠠᠬᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠩᠭ᠎ᠠ ᠰᠢᠳᠭᠡᠵᠦ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠲᠣᠭᠲᠠᠭᠠᠯ  ᠠᠴᠠ ᠵᠥᠷᠢᠴᠡᠭᠰᠡᠨ ᠲᠠᠪᠴᠠᠩ ᠪᠠ ᠠᠵᠢᠯᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ  ᠠᠴᠠ ᠵᠥᠷᠢᠴᠡᠭᠰᠡᠨ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠢᠲᠡᠭᠡᠮᠵᠢ ᠪᠠᠷ ᠵᠠᠯᠬᠠᠭᠠᠨ ᠴᠡᠭᠡᠷᠯᠡᠭᠦᠯᠬᠦ ᠡᠷᠬᠡ ᠰᠦᠷᠲᠦ ᠴᠢᠨᠠᠷ ᠢ ᠴᠢᠩᠭᠠᠳᠬᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃     【ᠰᠣᠷᠪᠤᠯᠵᠢᠯᠠᠭ᠎ᠠ ᠶᠢᠨ ᠠᠭᠤᠯᠭ᠎ᠠ】      ᠰᠤᠷᠪᠤᠯᠵᠢᠯᠠᠭᠴᠢ᠄ ᠶᠠᠮᠠᠷ ᠶᠠᠩᠵᠤ ᠶᠢᠨ ᠢᠳᠡᠭᠡᠨ ᠤᠮᠳᠠᠭᠠᠨ ᠤ ᠨᠢᠭᠡᠴᠡ ᠲᠠᠪᠴᠠᠩ ᠳᠤ ᠣᠷᠣᠵᠤ ᠪᠣᠷᠣᠯᠠᠭᠤᠯᠵᠤ ᠪᠣᠯᠬᠤ ᠶᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ  ᠦᠦ︖ ᠶᠠᠮᠠᠷ ᠱᠠᠭᠠᠷᠳᠠᠯᠭ᠎ᠠ ᠲᠠᠢ ᠪᠣᠶ︖       ᠸᠠᠩ ᠶᠠ ᠯᠢ᠄ ᠲᠣᠭᠲᠠᠭᠠᠯ ᠶᠣᠰᠣᠭᠠᠷ᠂ ᠲᠠᠪᠴᠠᠩ ᠨᠢ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠬᠤ ᠶᠢᠨ ᠬᠠᠮᠲᠤ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠨᠡᠷᠡᠶᠢᠳᠦᠯ᠂ ᠬᠠᠶ᠋ᠢᠭ᠂ ᠬᠠᠤᠯᠢ ᠪᠠᠷ ᠲᠣᠭᠲᠠᠭᠠᠭᠰᠠᠨ ᠴᠠᠭ᠂ ᠬᠦᠰᠦᠨᠦᠭᠲᠦ ᠪᠤᠶᠤ ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠲᠡᠮᠳᠡᠭᠯᠡᠵᠦ᠂ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠳᠤ ᠲᠣᠳᠣᠷᠬᠠᠢ ᠲᠡᠮᠳᠡᠭᠯᠡᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠵᠡᠷᠭᠡ ᠵᠥᠪᠰᠢᠶᠡᠷᠡᠯ ᠤᠨ ᠮᠡᠳᠡᠭᠡ ᠵᠠᠩᠭᠢ ᠶᠢᠨ ᠦᠨᠡᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠲᠠᠪᠴᠠᠩ ᠨᠢ ᠰᠦᠯᠵᠢᠶᠡᠨ ᠳᠤ ᠣᠷᠣᠬᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠲᠠᠢ ᠢᠳᠡᠭᠡᠨ ᠤ ᠠᠶᠤᠯᠭᠦᠢ ᠶᠢᠨ ᠬᠡᠯᠡᠯᠴᠡᠭᠡᠷ ᠲᠣᠭᠲᠠᠭᠠᠵᠤ᠂ ᠢᠳᠡᠭᠡᠨ ᠤ ᠠᠶᠤᠯᠭᠦᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃      ᠰᠤᠷᠪᠤᠯᠵᠢᠯᠠᠭᠴᠢ᠄ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠦᠯᠵᠢᠶᠡᠨ ᠤ ᠵᠠᠮ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠵᠠᠯᠭᠠᠭᠠᠳ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠸᠠᠩ ᠶᠠ ᠯᠢ᠄ ᠰᠦᠯᠵᠢᠶᠡᠨ ᠳᠡᠭᠡᠷ᠎ᠡ ᠬᠤᠭᠤᠯᠠ ᠵᠠᠬᠢᠶᠠᠯᠠᠬᠤ ᠨᠢ ᠨᠢᠭᠡ ᠵᠦᠢᠯ ᠤᠨ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠤᠭᠰᠠᠨ ᠤ ᠬᠤᠪᠢ ᠳᠤ᠂ ᠣᠲᠣ ᠦᠶ᠎ᠡ ᠶᠢᠨ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠲᠤᠲᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠶᠢᠨ ᠵᠡᠷᠭᠡ ᠳᠤ ᠪᠠᠰᠠ ᠴᠥᠭᠡᠨ ᠪᠤᠰᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ ᠪᠠᠶᠢᠨ᠎ᠠ᠂ ᠢᠯᠠᠩᠭᠤᠶ᠎ᠠ ᠲᠣᠬᠢᠷᠠᠭᠤᠯᠤᠨ ᠬᠦᠷᠭᠡᠬᠦ ᠶᠠᠪᠤᠴᠠ ᠳᠠᠬᠢ ᠢᠳᠡᠭᠡᠨ ᠤ ᠵᠦᠢᠯ ᠤᠨ ᠪᠣᠬᠢᠷᠳᠤᠯ ᠤᠨ ᠠᠰᠠᠭᠤᠳᠠᠯ ᠣᠷᠣᠰᠢᠵᠤ ᠪᠠᠶᠢᠨ᠎ᠠ᠃ ᠪᠢᠳᠡ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ ᠨᠠᠭᠠᠯᠲᠠ︾ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠬᠢᠶᠠᠯᠠᠭ᠎ᠠ ᠶᠢᠨ ᠬᠤᠭᠤᠯᠠᠨ ᠤ ᠢᠳᠡᠭᠡᠨ ᠳᠤ ᠴᠠᠭ ᠲᠤᠬᠠᠢ ᠳᠤᠨᠢ ᠲᠡᠮᠳᠡᠭ ᠨᠠᠭᠠᠵᠤ᠂ ᠬᠤᠭᠤᠯᠠ ᠤᠮᠳᠠᠭᠠᠨ ᠤ ᠵᠠᠬᠢᠶᠠᠯᠠᠭ᠎ᠠ ᠶᠢᠨ ᠬᠤᠭᠤᠯᠠᠨ ᠤ ︽ᠠᠮᠤᠷ ᠲᠦᠪᠰᠢᠨ ᠤ ᠪᠦᠰᠡ︾ ᠶᠢ ᠴᠢᠩᠭ᠎ᠠ ᠪᠦᠰᠡᠯᠡᠵᠦ᠂ ᠬᠤᠭᠤᠯᠠ ᠤᠮᠳᠠᠭᠠᠨ ᠤ ᠵᠠᠬᠢᠶᠠᠯᠠᠭ᠎ᠠ ᠶᠢᠨ ᠬᠤᠭᠤᠯᠠᠨ ᠤ ᠠᠮᠤᠷ ᠲᠦᠪᠰᠢᠨ ᠢ ᠬᠠᠮᠠᠭᠠᠯᠠᠬᠤ ᠪᠠᠷ ᠲᠥᠯᠥᠪᠯᠡᠵᠦ ᠪᠠᠶᠢᠨ᠎ᠠ᠃     ᠰᠤᠷᠪᠤᠯᠵᠢᠯᠠᠭᠴᠢ᠄ ᠲᠠ ᠶᠠᠭᠤ ᠶᠢ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢ︾ ᠭᠡᠳᠡᠭ ᠢ ᠨᠠᠷᠢᠨ ᠲᠠᠶᠢᠯᠪᠤᠷᠢᠯᠠᠵᠤ ᠥᠭᠭᠦᠨ᠎ᠡ  ᠦᠦ︖     ᠸᠠᠩ ᠶᠠ ᠯᠢ᠄ ᠮᠠᠨ ᠤ ᠬᠡᠯᠡᠵᠦ ᠪᠠᠶᠢᠭ᠎ᠠ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ ᠭᠠᠷ ᠤᠨ ᠨᠠᠭᠠᠯᠲᠠ︾ ᠭᠡᠳᠡᠭ ᠨᠢ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠬᠤᠭᠤᠯᠠ ᠤᠮᠳᠠᠭᠠᠨ ᠤ ᠭᠠᠳᠠᠭᠰᠢ ᠬᠤᠳᠠᠯᠳᠤᠬᠤ ᠢᠳᠡᠭᠡᠨ ᠤ ᠭᠠᠳᠠᠷ ᠪᠣᠭᠤᠳᠠᠯ ᠲᠡᠭᠡᠭᠡᠪᠦᠷᠢᠯᠡᠨ ᠬᠦᠷᠭᠡᠬᠦ ᠶᠠᠪᠤᠴᠠ ᠳᠤ ᠵᠠᠳᠠᠯᠤᠭᠳᠠᠬᠤ ᠪᠤᠶᠤ ᠰᠠᠨᠠᠭᠠᠨ ᠳᠤ ᠦᠭᠡᠢ ᠪᠠᠷ ᠡᠪᠳᠡᠭᠳᠡᠬᠦ ᠠᠴᠠ ᠰᠡᠷᠭᠡᠶᠢᠯᠡᠬᠦ ᠶᠢᠨ ᠲᠥᠯᠥᠭᠡ ᠠᠪᠤᠭᠰᠠᠨ ᠨᠢᠭᠡ ᠯᠡ ᠤᠳᠠᠭ᠎ᠠ ᠶᠢᠨ ᠴᠢᠨᠠᠷᠲᠠᠢ ᠪᠢᠲᠡᠭᠦᠮᠵᠢᠯᠡᠭᠰᠡᠨ ᠪᠣᠭᠤᠳᠠᠯ ᠢ ᠵᠢᠭᠠᠵᠤ ᠪᠣᠶ᠃ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ ᠭᠠᠷ ᠤᠨ  ᠨᠠᠭᠠᠯᠲᠠ︾ ᠤᠨ ᠦᠨᠳᠦᠰᠦᠨ ᠬᠡᠯᠪᠡᠷᠢ ᠪᠣᠯ ᠬᠠᠲᠠᠬᠤ ᠦᠭᠡᠢ ᠴᠠᠪᠠᠤ ᠶᠢᠨ ᠪᠢᠲᠡᠭᠦᠮᠵᠢᠯᠡᠭᠰᠡᠨ ᠨᠠᠭᠠᠯᠲᠠ ᠪᠣᠯᠣᠨ᠎ᠠ᠂ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ ᠭᠠᠷ ᠤᠨ ᠨᠠᠭᠠᠯᠲᠠ︾ ᠭᠡᠵᠦ ᠢᠯᠡᠷᠬᠡᠶᠢᠯᠡᠪᠡᠯ ᠵᠣᠬᠢᠨ᠎ᠠ᠂ ︽ᠪᠢᠲᠡᠭᠦᠮᠵᠢᠯᠡᠭᠰᠡᠨ ᠭᠠᠷ ᠤᠨ ᠨᠠᠭᠠᠯᠲᠠ ᠡᠪᠳᠡᠷᠡᠪᠡᠯ᠂ ᠭᠥᠯᠢᠶᠡᠨ ᠠᠪᠴᠤ ᠪᠣᠯᠬᠤ ᠦᠭᠡᠢ︾ ︽ᠬᠤᠭᠤᠯᠠ ᠢᠳᠡᠬᠦ ᠳᠡᠭᠡᠨ ᠪᠠᠶᠢᠴᠠᠭᠠᠵᠤ ᠬᠠᠷᠭᠤᠭᠤᠯᠬᠤ︾ ︽ᠬᠤᠭᠤᠯᠠ  ᠶᠢ ᠤᠯᠤᠭᠰᠠᠨ ᠤ ᠲᠠᠷᠠᠭ᠎ᠠ ᠳᠠᠷᠤᠢ ᠲᠦᠷᠭᠡᠨ ᠢᠳᠡᠬᠦ︾ ᠵᠡᠷᠭᠡ ᠢᠳᠡᠭᠡᠨ ᠤ ᠠᠮᠤᠷ ᠲᠦᠪᠰᠢᠨ ᠤ ᠰᠠᠨᠠᠭᠤᠯᠤᠮᠵᠢ ᠶᠢ ᠢᠯᠡᠷᠬᠡᠶᠢᠯᠡᠵᠦ  ᠪᠠᠶᠢᠨ᠎ᠠ᠃ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ  ᠨᠠᠭᠠᠯᠲᠠ︾ ᠶᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠠᠴᠠ ᠨᠠᠭᠠᠨ᠎ᠠ᠂ ᠬᠡᠷᠡᠭᠯᠡᠬᠦ ᠣᠷᠣᠨ ᠪᠠᠶᠢᠷᠢ ᠨᠢ ᠭᠠᠳᠠᠭᠰᠢ ᠬᠤᠳᠠᠯᠳᠤᠬᠤ ᠢᠳᠡᠭᠡᠨ ᠤ ᠭᠠᠳᠠᠷ ᠪᠣᠭᠤᠳᠠᠯ ᠤᠨ ᠪᠢᠲᠡᠭᠦᠮᠵᠢᠯᠡᠬᠦ ᠠᠮᠠᠰᠠᠷ ᠪᠣᠯᠣᠨ᠎ᠠ᠂ ᠬᠡᠷᠡᠭᠯᠡᠬᠦ ᠣᠷᠣᠨ ᠪᠠᠶᠢᠷᠢ ᠪᠣᠯᠣᠨ ᠬᠡᠷᠡᠭᠯᠡᠬᠦ ᠠᠷᠭ᠎ᠠ ᠨᠢ ᠢᠳᠡᠭᠡᠨ ᠤ ᠪᠢᠲᠡᠭᠦᠮᠵᠢ ᠶᠢ ᠨᠡᠭᠡᠭᠡᠬᠦ ᠳᠤ ᠬᠦᠷᠪᠡᠯ ᠪᠢᠲᠡᠭᠦᠮᠵᠢᠯᠡᠬᠦ  ᠨᠠᠭᠠᠯᠲᠠ ᠳᠠᠷᠤᠢ ᠡᠪᠳᠡᠷᠡᠵᠦ ᠰᠦᠢᠳᠬᠦ ᠮᠥᠷᠲᠡᠭᠡᠨ ᠵᠠᠰᠠᠵᠤ ᠰᠡᠯᠪᠢᠵᠦ ᠳᠡᠶᠢᠯᠬᠦ ᠦᠭᠡᠢ ᠪᠣᠯᠬᠤ ᠶᠢ ᠪᠠᠲᠤᠯᠠᠬᠤ ᠬᠡᠷᠡᠭᠲᠡᠢ᠃ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯᠲᠠᠨ ᠲᠣᠬᠢᠷᠠᠭᠤᠯᠤᠨ ᠬᠦᠷᠭᠡᠬᠦ ᠶᠠᠪᠤᠴᠠ ᠳᠠᠭᠠᠨ ᠪᠢᠲᠡᠭᠦᠮᠵᠢᠯᠡᠭᠰᠡᠨ ᠨᠠᠭᠠᠯᠲᠠ ᠶᠢᠨ ᠪᠦᠷᠢᠨ ᠪᠦᠲᠦᠨ ᠴᠢᠨᠠᠷ ᠢ ᠪᠠᠲᠤᠯᠠᠵᠤ᠂ ᠲᠣᠬᠢᠷᠠᠭᠤᠯᠤᠨ ᠬᠦᠷᠭᠡᠬᠦ ᠶᠠᠪᠤᠴᠠ ᠳᠤ ᠢᠳᠡᠭᠡᠨ ᠤ ᠪᠣᠬᠢᠷᠲᠤᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠡᠷᠡᠭᠯᠡᠭᠴᠢᠳ ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠭᠰᠡᠨ ᠨᠠᠭᠠᠯᠲᠠ ᠨᠢ ᠡᠪᠳᠡᠭᠳᠡᠭᠰᠡᠨ ᠪᠤᠶᠤ  ᠪᠦᠷᠢᠨ ᠪᠤᠰᠤ ᠬᠦᠷᠭᠡᠳᠡᠭ ᠢᠳᠡᠭᠡᠨ ᠢ ᠭᠥᠯᠢᠶᠡᠨ ᠠᠪᠬᠤ ᠦᠭᠡᠢ ᠪᠠᠶᠢᠬᠤ ᠡᠷᠬᠡ ᠲᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号