ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠵᠦ ᠲᠥᠪᠯᠡᠷᠡᠭᠦᠯᠦᠨ ᠰᠤᠷᠤᠯᠴᠠᠵᠤ ᠪᠣᠯᠪᠠᠰᠤᠷᠠᠭᠤᠯᠪᠠ
ᠨᠡᠶᠢᠲᠡᠯᠡᠭᠰᠡᠨ ᠴᠠᠭ᠄
2022/2/24
    2 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠤ ᠪᠠᠲᠤᠯᠠᠨ᠎ᠠ︾ ᠭᠡᠬᠦ ᠶᠠᠷᠢᠯᠴᠠᠭᠠᠨ ᠤ ᠠᠵᠢᠯᠯᠠᠭ᠎ᠠ ᠶᠢ ᠲᠥᠪᠯᠡᠷᠡᠭᠦᠯᠦᠨ ᠰᠤᠷᠤᠯᠴᠠᠵᠤ ᠪᠣᠯᠪᠠᠰᠤᠷᠠᠭᠤᠯᠪᠠ᠃     ᠪᠣᠯᠪᠠᠰᠤᠷᠠᠯ ᠤᠨ ᠠᠵᠢᠯᠯᠠᠭ᠎ᠠ ᠳᠤᠮᠳᠠ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠪᠦᠬᠦ ᠠᠵᠢᠯᠲᠠᠳ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭᠠᠯ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠰᠤᠷᠤᠯᠴᠠᠵᠤ᠂ ᠡᠭᠦᠨ ᠤ ᠬᠠᠮᠲᠤ ︽ᠬᠤᠶᠠᠷ ᠳᠡᠭᠡᠳᠦ ᠬᠤᠷᠢᠶ᠎ᠠ ᠬᠤᠶᠠᠷ ᠶᠠᠮᠤᠨ︾ ᠤ ᠠᠵᠢᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠠᠶᠢᠯᠪᠤᠷᠢᠯᠠᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠯᠤᠰ ᠲᠦᠷᠦ ᠶᠢᠨ ᠦᠨᠳᠦᠷᠴᠡ ᠠᠴᠠ ᠲᠠᠨᠢᠭᠤᠯᠵᠤ᠂ ︽ᠬᠤᠷᠢᠳᠤᠭᠠᠷ ᠶᠡᠭᠡ ᠬᠤᠷᠠᠯ ᠢ ᠤᠭᠲᠤᠬᠤ ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃   ᠲᠣᠰ ᠤᠳᠠᠭᠠᠨ ᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠶᠡᠭᠡ ᠶᠠᠷᠢᠯᠴᠠᠭᠠᠨ ᠤ ᠠᠵᠢᠯᠯᠠᠭ᠎ᠠ ᠰᠠᠷ᠎ᠠ ᠬᠠᠭᠠᠰ ᠦᠷᠭᠦᠯᠵᠢᠯᠡᠵᠡᠶ᠃ ᠪᠣᠯᠪᠠᠰᠤᠷᠠᠭᠤᠯᠤᠯ ᠳᠤ ᠪᠥᠬᠦ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠵᠠᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠᠬᠢ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠡᠷᠢᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠨᠢᠭᠡ ᠪᠦᠯᠦᠭ ᠪᠣᠳᠠᠲᠠᠢ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠨᠡᠬᠦ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠠᠵᠢᠯ ᠢ ᠦᠨᠡᠨᠬᠦ ᠪᠣᠳᠠᠲᠠᠢ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号