ᠰᠦᠨ ᠱᠤ᠋ ᠲᠤᠤ ᠨᠠᠷ ᠪᠡᠭᠡᠵᠢᠩ ᠬᠤᠳᠠ ᠶᠢᠨ ᠬᠠᠶ ᠳ᠋ᠢᠶᠠᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠬᠤ ᠶᠢᠨ ᠬᠠᠮᠲᠤ ᠬᠤᠶᠠᠷ ᠭᠠᠵᠠᠷ ᠤᠨ ᠳᠡᠭᠡᠳᠦ ᠳᠠᠪᠬᠤᠷᠭ᠎ᠠ ᠶᠢᠨ ᠠᠭᠤᠯᠵᠠᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/3/1
   
   2 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠲᠤ ᠬᠦᠷᠴᠦ ᠪᠡᠭᠡᠵᠢᠩ ᠦᠪᠦᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠤᠭᠰᠠᠨ ᠪᠥᠭᠡᠳ ᠬᠤᠶᠠᠷ ᠭᠠᠵᠠᠷ ᠤᠨ ᠳᠡᠭᠡᠳᠦ ᠳᠠᠪᠬᠤᠷᠭ᠎ᠠ ᠶᠢᠨ ᠠᠭᠤᠯᠵᠠᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ ᠬᠠᠶ ᠳ᠋ᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠡᠦ ᠵᠢᠶ ᠯᠢᠶᠠᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢᠨ ᠵᠢᠶᠠᠨ ᠬᠤᠸᠠ᠂ ᠵᠥᠩ ᠭᠤᠸᠠᠨ ᠼᠦᠨ ᠤ ᠰᠢᠨᠵᠢᠯᠡᠬᠦ ᠤᠬᠠᠭᠠᠨ ᠤ ᠬᠤᠲᠠ ᠶᠢᠨ ᠬᠠᠮᠢᠶᠠᠷᠤᠯᠲᠠ ᠶᠢᠨ ᠵᠥᠪᠯᠡᠯ ᠤᠨ ᠲᠥᠯᠥᠪᠵᠢᠭᠦᠯᠦᠨ ᠬᠥᠭᠵᠢᠭᠦᠯᠬᠦ ᠭᠠᠵᠠᠷ ᠤᠨ ᠳᠠᠷᠤᠭ᠎ᠠ ᠸᠠᠩ ᠴᠦᠨ ᠱᠧᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠷᠦᠩ ᠵᠢᠤᠢ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠰᠦᠨ ᠱᠤ᠋ ᠲᠤᠤ ᠬᠠᠶᠢᠳᠢᠶᠠᠨ ᠲᠣᠭᠤᠷᠢᠭ ᠤᠨ ᠤᠯᠠᠨ ᠵᠢᠯ ᠤᠨ ᠲᠤᠷᠰᠢᠬᠢ ᠦᠨᠡᠨ ᠰᠡᠳᠬᠢᠯᠭᠡ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠬᠢᠩᠭᠠᠨ ᠤ ᠬᠠᠶᠢᠳᠢᠶᠠᠨ ᠰᠤᠷᠭᠠᠭᠤᠯᠢ ᠶᠢ ᠪᠠᠶᠢᠭᠤᠯᠬᠤ ᠪᠠᠷ ᠪᠠᠶᠢᠭ᠎ᠠ ᠦᠨᠳᠦᠰᠦᠨ ᠪᠠᠶᠢᠳᠠᠯ᠂ ᠡᠮᠦᠨᠡᠲᠦ ᠬᠤᠰᠢᠭᠤ · ᠬᠠᠶ ᠳ᠋ᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠬᠥᠨᠳᠡᠢ ᠶᠢᠨ ᠲᠥᠰᠦᠪᠯᠡᠯ ᠵᠡᠷᠭᠡ ᠶᠠᠪᠤᠳᠠᠯ ᠤᠳ ᠢ ᠨᠠᠷᠢᠨ ᠲᠠᠨᠢᠯᠴᠠᠭᠤᠯᠵᠠᠢ᠃ ᠰᠦᠨ ᠱᠤ᠋ ᠲᠤᠤ ᠢᠯᠡᠷᠬᠡᠶᠢᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠡᠮᠦᠨᠡᠲᠦ ᠬᠤᠰᠢᠭᠤ · ᠬᠠᠶ ᠳ᠋ᠢᠶᠠᠨ ᠤ ᠲᠥᠷᠥᠯ ᠵᠦᠢᠯ ᠢᠶᠠᠷ ᠵᠢᠯᠣᠭᠤᠳᠣᠯᠭ᠎ᠠ ᠪᠣᠯᠭᠠᠵᠤ᠂ ᠠᠵᠤ ᠦᠢᠯᠡᠰ᠂ ᠰᠤᠷᠭᠠᠨ ᠬᠥᠮᠦᠵᠢᠯ᠂ ᠡᠮ ᠡᠮᠨᠡᠯᠭᠡ᠂ ᠪᠥᠬᠦ ᠴᠠᠷᠠᠭᠠᠨ ᠤ ᠵᠢᠭᠤᠯᠴᠢᠯᠠᠯ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠭᠠᠷᠭᠠᠵᠤ᠂ ᠡᠮᠦᠨᠡᠲᠦ ᠬᠤᠰᠢᠭᠤ · ᠬᠠᠶ ᠳ᠋ᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠂ ᠬᠤᠶᠠᠷ ᠭᠠᠵᠠᠷ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠲᠣᠭᠲᠠᠴᠠ ᠶᠢᠨ ᠰᠢᠨ᠎ᠡ ᠶᠢ ᠡᠭᠦᠳᠬᠦ ᠶᠢ ᠵᠣᠬᠢᠴᠠᠯᠳᠤᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠎ᠠ ᠭᠡᠵᠡᠶ᠃ ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠠᠪᠰᠤᠷᠤᠨ ᠲᠡᠳᠬᠦᠬᠦ ᠠᠵᠠ ᠲᠣᠬᠢᠶᠠᠯ ᠢ ᠪᠠᠲᠤ ᠡᠵᠡᠮᠳᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ  ᠵᠦᠢᠯ ᠤᠨ ᠠᠵᠢᠯ ᠤᠨ ᠡᠭᠦᠷᠭᠡ ᠪᠠᠨ ᠡᠷᠡᠰ ᠪᠡᠶᠡᠯᠡᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠦᠪᠰᠢᠨ ᠢᠶᠠᠷ ᠬᠥᠭᠵᠢᠭᠦᠯᠬᠦ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃   ᠢᠦᠢ ᠵᠢᠶᠦ᠋ᠨ ᠰᠦᠨ ᠱᠤ᠋ ᠲᠤᠤ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠢᠦᠶ ᠵᠢᠶᠦ᠋ᠨ ᠢᠯᠡᠷᠬᠡᠶᠢᠯᠡᠬᠦ ᠳᠡᠭᠡᠨ᠂ ᠬᠠᠶ ᠳ᠋ᠢᠶᠠᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ᠂ ᠣᠶᠤᠨ ᠤᠬᠠᠭᠠᠨ᠂ ᠴᠢᠳᠠᠪᠤᠷᠢᠲᠠᠨ᠂ ᠠᠵᠤ ᠦᠢᠯᠡᠰ ᠵᠡᠷᠭᠡ ᠣᠯᠠᠨ ᠲᠠᠯ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ  ᠦᠢᠯᠡᠰ ᠢᠶᠠᠷ ᠬᠠᠪᠰᠤᠷᠤᠨ ᠲᠡᠳᠬᠦᠬᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠤᠬᠠᠭᠤᠯᠤᠨ ᠲᠠᠨᠢᠯᠴᠠᠭᠤᠯᠬᠤ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠨᠠᠩ ᠣᠯᠠᠨ ᠬᠦᠴᠦᠨ ᠴᠢᠳᠠᠯ ᠢᠶᠠᠨ ᠰᠢᠪᠬᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠢᠯ ᠤᠨ ᠠᠷᠭ᠎ᠠ ᠪᠠᠨ ᠰᠢᠨ᠎ᠡ ᠪᠠᠷ ᠡᠭᠦᠳᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠶᠢ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ᠂ ᠠᠯᠤᠰ ᠬᠡᠲᠦ ᠶᠢᠨ ᠴᠢᠨᠠᠷᠲᠠᠶ ᠬᠠᠮᠲᠤᠷᠠᠯᠴᠠᠭᠠᠨ ᠤ ᠰᠠᠭᠤᠷᠢ ᠶᠢ ᠪᠦᠲᠦᠮᠵᠢᠲᠡᠶ ᠪᠠᠬᠢᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠭᠠᠷ ᠬᠤᠯᠪᠣᠨ ᠬᠠᠮᠲᠤᠪᠠᠷ ᠪᠦᠳᠦᠭᠡᠨ ᠪᠠᠶᠢᠭᠤᠯᠬᠤ ᠪᠠᠷ ᠳᠠᠮᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠤᠨ ᠣᠷᠣᠨ ᠢ ᠴᠢᠷᠮᠠᠶᠢᠨ ᠪᠠᠶᠢᠭᠤᠯᠵᠤ᠂ ᠬᠤᠶᠠᠷ ᠭᠠᠵᠠᠷ ᠤᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠳᠠᠰᠤᠷᠠᠯᠳᠠ ᠦᠬᠡᠢ ᠴᠣᠭᠴᠠᠯᠠᠨ ᠪᠠᠶᠢᠭᠤᠯᠤᠨ᠎ᠠ ᠭᠡᠵᠡᠢ᠃    ᠡᠨᠡ ᠬᠤᠭᠤᠴᠠᠭᠠᠨ ᠳᠤ᠂ ᠰᠦᠨ ᠱᠤ᠋ ᠲᠤᠤ ᠨᠠᠷ ᠵᠦᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠦᠵᠡᠭᠦᠯᠦᠯᠭᠡ ᠶᠢᠨ ᠲᠥᠪ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠲᠠᠶᠢᠯᠪᠤᠷᠢᠯᠠᠭᠴᠢ ᠶᠢᠨ ᠵᠢᠯᠣᠭᠤᠳᠣᠯᠭ᠎ᠠ ᠳᠣᠣᠷ᠎ᠠ᠂ ᠰᠦᠨ ᠱᠤ᠋ ᠲᠤᠤ ᠨᠠᠷ ᠦᠵᠡᠭᠦᠯᠦᠯᠭᠡ ᠶᠢᠨ ᠲᠥᠪ ᠤᠨ ᠡᠯ᠎ᠡ ᠵᠦᠢᠯ ᠤᠨ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠤᠷᠢᠳ ᠬᠤᠵᠢᠳ ᠰᠣᠨᠢᠷᠬᠠᠨ ᠦᠵᠡᠵᠦ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠲᠣᠨᠣᠭᠯᠠᠯ᠂ ᠬᠥᠮᠦᠨ ᠤ ᠵᠢᠰᠦ ᠶᠢ ᠢᠯᠭᠠᠨ ᠲᠠᠨᠢᠬᠤ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠪᠠ ᠡᠷᠡᠭᠦᠯ ᠮᠡᠨᠳᠤ ᠵᠡᠷᠭᠡ ᠶᠢᠨ ᠦᠵᠡᠭᠦᠯᠦᠯᠭᠡ ᠶᠢᠨ ᠲᠣᠭᠤᠷᠢᠭ ᠲᠤ᠂ ᠮᠠᠲ᠋ᠧᠷᠢᠶᠠᠯ ᠨᠡᠮᠡᠵᠦ ᠦᠢᠯᠡᠳᠬᠦ᠂ ᠡᠭᠦᠯᠡᠨ ᠪᠤᠳᠤᠯᠳᠠ᠂ ᠲᠤᠮᠤ ᠳ᠋ᠠᠶᠢᠲ᠋ᠠ᠂ ᠳᠡᠭᠡᠳᠦ ᠲᠡᠰ ᠤᠨ ᠦᠢᠯᠡᠴᠢᠯᠡᠭᠦᠷ᠂ ᠤᠰᠤᠨ ᠤ ᠰᠢᠢᠳᠪᠦᠷᠢᠯᠡᠯᠲᠡ᠂ ᠠᠮᠢᠳᠤ ᠪᠣᠳᠠᠰ ᠤᠨ ᠴᠢᠫ ᠵᠡᠷᠭᠡ ᠮᠡᠷᠭᠡᠵᠢᠯ ᠢ ᠰᠤᠳᠤᠯᠤᠨ ᠨᠡᠭᠡᠭᠡᠭᠰᠡᠨ ᠪᠠ ᠬᠡᠷᠡᠭᠯᠡᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠵᠦᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠣᠯᠤᠭᠰᠠᠨ ᠠᠯᠢ ᠤᠯᠠᠨ ᠴᠢᠬᠤᠯᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠪᠡᠶ᠎ᠡ ᠪᠠᠷ ᠢᠶᠠᠨ ᠣᠶᠢᠯᠠᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号