ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ · ᠬᠤᠪᠧᠢ ᠶᠢᠨ ᠪᠠᠢ ᠲᠧ ᠸᠧᠢ ᠶᠢᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/2
   
   2 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠬᠤᠪᠧᠢ ᠶᠢᠨ ᠪᠠᠢ ᠲᠧ ᠸᠧᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯᠳᠤᠭᠠᠴᠢᠨ ᠤᠷᠢᠬᠤ ᠵᠥᠪᠳᠡᠯᠴᠡᠭᠡᠨ ᠤ ᠶᠠᠷᠢᠯᠴᠠᠬᠤ ᠬᠤᠷᠠᠯ ᠬᠢᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢᠦ ᠬᠤᠶ ᠰᠢᠤᠸᠠᠨ᠂ ᠪᠠᠢ ᠲᠧ ᠸᠧᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠭᠤᠸᠠᠩ ᠾᠧᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠪᠠᠢ ᠲᠧ ᠸᠧᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠡᠷᠭᠡᠵᠢᠯ᠂ ᠠᠵᠢᠯ ᠲᠥᠷᠥᠯ ᠤᠨ ᠬᠥᠭᠵᠢᠯᠲᠡ ᠶᠢᠨ ᠳᠠᠪᠠᠭᠤᠯᠢᠭ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠤ ᠬᠠᠮᠲᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠲᠠᠢ ᠤᠶᠠᠯᠳᠤᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠯᠤᠭ᠎ᠠ ᠬᠠᠮᠲᠤᠷᠠᠯᠴᠠᠭ᠎ᠠ ᠥᠷᠨᠢᠭᠦᠯᠬᠦ ᠳᠡᠭᠡᠳᠦ ᠬᠡᠮᠵᠢᠶᠡᠨ ᠤ ᠵᠣᠬᠢᠴᠠᠯᠳᠤᠯ ᠢ ᠵᠢᠭᠠᠨ ᠭᠠᠷᠭᠠᠵᠤ᠂ ᠢᠷᠡᠭᠡᠳᠦᠢ ᠳᠤ ᠪᠡᠯᠡ ᠣᠷᠣᠭᠤᠯᠤᠨ ᠦᠢᠯᠡᠰ ᠬᠥᠭᠵᠢᠭᠦᠯᠬᠦ ᠢᠲᠡᠭᠡᠯ ᠵᠣᠷᠢᠭ ᠢᠶᠠᠨ ᠢᠯᠡᠳᠬᠡᠵᠡᠢ᠃    ᠰᠦᠨ ᠱᠤ᠋ ᠲᠤᠸ ᠵᠢᠭᠠᠵᠤ ᠭᠠᠷᠭᠠᠭᠰᠠᠨ ᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠶᠢᠨ ᠰᠠᠭᠤᠷᠢ ᠯᠠᠪᠳᠠᠭᠤᠨ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠨ᠎ᠠ᠃ ᠢᠯᠠᠩᠭᠤᠶ᠎ᠠ ︽ᠰᠦ ᠶᠢᠨ ᠦᠢᠯᠡᠰ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠪᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠡᠬᠢ ᠪᠠᠶᠠᠯᠢᠭ ᠤᠨ ᠳᠠᠪᠠᠭᠤᠯᠢᠭ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠵᠡᠷᠭᠡᠪᠡᠷ ᠬᠥᠭᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠳᠤ ᠰᠢᠨ᠎ᠡ ᠨᠢᠭᠡᠨ ᠡᠭᠡᠯᠵᠢ ᠶᠢᠨ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠠᠵᠤ ᠦᠢᠯᠡᠰ ᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠮᠦᠨᠡᠲᠦ ᠬᠤᠰᠢᠭᠤᠨ ᠤ ᠡᠬᠡ ᠭᠠᠵᠠᠷ ᠲᠤ ᠰᠠᠭᠤᠷᠢᠰᠢᠵᠤ᠂ ᠰᠦ ᠶᠢᠨ ᠦᠢᠯᠡᠰ᠂ ᠲᠡᠵᠢᠭᠡᠪᠦᠷᠢ ᠶᠢᠨ ᠦᠢᠯᠡᠰ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠠᠮᠲᠤᠷᠠᠯᠴᠠᠭᠠᠨ ᠤ ᠳᠤᠮᠳᠠ ᠡᠬᠢ ᠪᠠᠶᠠᠯᠢᠭ ᠤᠨ ᠬᠤᠪᠢᠷᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号