ᠮᠠᠨ ᠤ ᠬᠤᠰᠢᠭᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ 2022 ᠣᠨ ᠤ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠠᠮᠢᠶᠠᠷᠤᠯᠲᠠ ᠵᠢᠴᠢ ᠬᠠᠪᠰᠤᠷᠤᠨ ᠲᠡᠳᠬᠦᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/20
   3 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ 2022 ᠣᠨ ᠤ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠠᠮᠢᠶᠠᠷᠤᠯᠲᠠ ᠵᠢᠴᠢ ᠬᠠᠪᠰᠤᠷᠤᠨ ᠲᠡᠳᠬᠦᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠳᠡᠳ᠋ ᠳᠠᠷᠤᠭ᠎ᠠ ᠯᠢᠦ ᠬᠠᠢ ᠲᠤᠤ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠴᠢᠬᠤᠯᠠᠴᠢᠯᠠᠨ ᠪᠠᠶᠢᠷᠢᠯᠠᠭᠤᠯᠵᠠᠢ᠃ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠯᠢᠦ ᠬᠠᠢ ᠲᠤᠸ ᠵᠢᠭᠠᠵᠤ ᠭᠠᠷᠭᠠᠭᠰᠠᠨ ᠨᠢ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠴᠢᠩᠭᠠᠳᠬᠠᠬᠤ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ᠂ ᠶᠠᠳᠠᠭᠤᠷᠠᠬᠤ ᠶᠢ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ ᠪᠠᠷᠢᠯ ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠪᠤᠰᠤᠳᠴᠢ ᠪᠠᠷ ᠣᠷᠣᠭᠤᠯᠤᠨ᠂ ᠴᠠᠭ ᠲᠤᠬᠠᠢ ᠳᠤᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠪᠠ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠲᠥᠷᠥᠯ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠳᠠᠭᠠᠭᠤᠯᠤᠭᠴᠢ ᠠᠵᠤ ᠠᠬᠤᠶᠢᠯᠠᠯ ᠤᠨ ᠶᠠᠳᠠᠭᠤ ᠶᠢ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠦᠷᠭᠦᠯᠵᠢᠯᠡᠨ ᠰᠠᠶᠢᠲᠤᠷ ᠠᠳᠬᠤᠵᠤ᠂ ᠤᠰᠤ ᠤᠮᠳᠠ ᠶᠢᠨ ᠠᠮᠤᠷ ᠲᠦᠪᠰᠢᠨ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠤᠨ ᠬᠢᠨᠠᠨ ᠵᠢᠯᠣᠭᠤᠳᠤᠯᠭ᠎ᠠ ᠪᠠᠨ ᠴᠢᠩᠭᠠᠳᠬᠠᠵᠤ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠰᠠᠭᠤᠷᠢ ᠮᠡᠳᠡᠭᠡ ᠵᠠᠩᠭᠢ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠡᠷᠬᠡ ᠶᠢ ᠨᠤᠲᠠᠯᠠᠨ ᠳᠠᠩᠰᠠᠯᠠᠬᠤ ᠵᠡᠷᠭᠡ ᠬᠤᠯᠪᠣᠭᠳᠠᠯ ᠪᠦᠬᠦᠢ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠰᠢᠨᠡᠳᠬᠡᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠵᠢᠷᠤᠮᠵᠢᠭᠤᠯᠵᠤ᠂ ᠡᠵᠡᠩᠨᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠳ᠋ ᠬᠥᠷᠥᠩᠭᠡ ᠶᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠴᠢᠩᠭ᠎ᠠ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠡᠨᠧᠷᠭᠢ ᠬᠠᠳᠠᠭᠠᠯᠠᠬᠤ ᠬᠡᠷᠡᠭᠲᠡᠢ᠃    ᠬᠤᠷᠠᠯ ᠠᠴᠠ ᠪᠠᠰᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠠᠪᠤᠳᠠᠯ ᠳᠤ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠪᠥᠭᠡᠳ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠴᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号