ᠮᠠᠨ ᠤ ᠬᠤᠰᠢᠭᠤ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠬᠢᠨ ᠬᠠᠷᠠᠬᠤ︾ ᠲᠤᠰᠬᠠᠢ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠬᠤᠷᠠᠯ ᠵᠢᠴᠢ ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/21
 
    3 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠬᠢᠨ ᠬᠠᠷᠠᠬᠤ︾ ᠲᠤᠰᠬᠠᠢ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠬᠤᠷᠠᠯ ᠵᠢᠴᠢ ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᡁᠢ ᠬᠤᠩ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠲᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠬᠤᠶ ᠵᠢᠶᠦ᠋ᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠢᠦᠢ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠤᠯᠠᠭᠠᠨ ᠬᠤᠷᠠᠯ ᠳᠤ ᠣᠷᠣᠯᠴᠠᠵᠠᠢ᠃    ᠠᠶᠢᠮᠠᠭ ᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠪᠠᠳᠠᠨ ᠪᠠᠶᠢᠴᠠᠭᠠᠬᠤ ᠳᠤᠭᠤᠶᠢᠯᠠᠩ 3 ᠰᠠᠷ᠎ᠠ ᠶᠢᠨ 14 ᠤ ᠡᠳᠦᠷ ᠠᠴᠠ ᠡᠬᠢᠯᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ︽ᠡᠷᠬᠢᠨ ᠬᠠᠷᠠᠬᠤ︾ ᠲᠤᠰᠬᠠᠢ ᠰᠢᠪᠠᠳᠠᠨ ᠪᠠᠶᠢᠴᠠᠭᠠᠯᠲᠠ ᠥᠷᠨᠢᠭᠦᠯᠵᠠᠢ᠃ ᠬᠤᠷᠠᠯ ᠳᠡᠭᠡᠷ᠎ᠡ᠂ ᠠᠶᠢᠮᠠᠭ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ︽ᠡᠷᠬᠢᠨ ᠬᠠᠷᠠᠬᠤ︾ ᠲᠤᠰᠬᠠᠢ ᠰᠢᠪᠠᠳᠠᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠬᠠᠷᠢᠭᠤ ᠲᠤᠰᠬᠠᠬᠤ ᠶᠢᠨ ᠬᠠᠮᠲᠤ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠲᠠᠯᠪᠢᠯᠲᠠ ᠶᠢ ᠪᠦᠬᠦᠨ ᠢ ᠪᠦᠷᠬᠦᠬᠦᠯᠬᠦ᠂ ᠰᠡᠷᠭᠡᠶᠢᠯᠡᠨ ᠡᠵᠡᠮᠳᠡᠬᠦ ᠶᠢ ᠥᠨᠴᠥᠭ ᠪᠤᠯᠤᠩ ᠦᠭᠡᠢ ᠪᠣᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠤᠲᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠨᠥᠬᠦᠪᠦᠷᠢᠯᠡᠵᠦ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ  ᠭᠡᠵᠡᠢ᠃    ᠰᠦᠨ ᠱᠤ᠋ ᠲᠤᠸ ᠢᠯᠡᠷᠬᠡᠶᠢᠯᠡᠬᠦ ᠳᠡᠭᠡᠨ᠂ ᠠᠶᠢᠮᠠᠭ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠪᠣᠳᠠᠲᠠᠢ ᠠᠰᠠᠭᠤᠳᠠᠯ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠭᠰᠡᠨ ᠨᠢᠭᠡ ᠤᠳᠠᠭᠠᠨ ᠤ ᠰᠤᠳᠠᠯ ᠢ ᠠᠳᠬᠤᠨ ᠬᠢᠭᠰᠡᠨ ᠣᠨᠣᠰᠢᠯᠠᠯᠲᠠ ᠮᠥᠨ᠂ ᠮᠠᠨ ᠤ ᠠᠵᠢᠯ ᠢᠶᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠪᠠᠯ ᠲᠤᠭᠲᠠᠭᠠᠯ ᠶᠣᠰᠣᠭᠠᠷ ᠪᠦᠬᠦᠨ ᠢ ᠭᠥᠯᠢᠶᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠦᠷᠢᠯᠡᠬᠦ ᠬᠡᠷᠡᠭᠲᠡᠢ ᠭᠡᠵᠡᠢ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠠᠵᠢᠯ ᠤᠨ ᠪᠠᠶᠢᠳᠠᠯ ᠢ ᠭᠦᠨᠵᠡᠭᠡᠢ ᠲᠠᠨᠢᠬᠤ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ᠂ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠨᠠᠩ ᠡᠷᠡᠰ ᠰᠢᠭᠤᠷᠬᠠᠢ᠂ ᠨᠠᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠰᠠᠶᠢᠲᠤᠷ ᠬᠢᠵᠦ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠴᠠ ᠨᠢᠭᠡ ᠠᠯᠬᠤᠮ ᠴᠢᠩᠭ᠎ᠠ᠂ ᠤᠯᠠᠮ ᠡᠷᠴᠢᠮ ᠲᠠᠢ᠂ ᠨᠢᠭᠡ ᠦᠶ᠎ᠡ ᠲᠦᠷᠭᠡᠨ ᠪᠠᠶᠢᠵᠤ᠂ ᠰᠡᠷᠭᠡᠶᠢᠯᠡᠨ ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠭᠤᠣᠯᠳᠠᠯᠭ᠎ᠠ ᠲᠠᠢ ᠬᠠᠮᠢᠶᠠᠷᠤᠯᠲᠠ ᠡᠵᠡᠮᠳᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢ ᠢᠳᠡᠪᠬᠢᠲᠡᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠶᠢ ᠦᠨᠡᠨ ᠬᠦ ᠪᠣᠳᠠᠲᠠᠶᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠨᠢ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠤᠬᠠᠮᠰᠠᠷ  ᠠᠴᠠ ᠪᠠᠨ ᠲᠠᠨᠢᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠶᠢ ᠦᠨᠡᠨ ᠬᠦ ᠪᠣᠳᠠᠲᠠᠢ ᠳᠤ ᠳᠠᠮᠵᠢᠭᠤᠯᠵᠤ᠂ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃    ᠬᠤᠷᠠᠯ ᠳᠡᠭᠡᠷ᠎ᠡ᠂ ᠵᠣᠣ ᠢᠦᠢ ᠯᠢᠶᠠᠩ᠂ ᠯᠢ ᠹᠠᠩ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ ᠲᠠᠢ ᠪᠠᠨ ᠤᠶᠠᠯᠳᠤᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号