ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠷᠣᠯᠠᠨ ᠲᠤᠰᠢᠶᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/3/28
     ᠨᠡᠶᠢᠭᠡᠮ ᠤᠨ ᠳᠠᠭᠠᠳᠬᠠᠯ ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠢᠷᠳᠡᠯᠲᠡᠢ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ ᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠤ ᠪᠠᠶᠢᠨ᠎ᠠ᠃   ᠰᠠᠯᠠᠭ᠎ᠠ ᠮᠥᠴᠢᠷ ᠤᠨ ᠡᠵᠡᠮᠰᠢᠵᠦ ᠪᠠᠶᠢᠭ᠎ᠠ ᠬᠦᠴᠢᠷᠳᠡᠯ ᠲᠠᠢ ᠬᠥᠮᠥᠨ ᠠᠮᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠰᠢᠭᠰᠢᠨ ᠪᠠᠶᠢᠴᠠᠭᠠᠭᠰᠠᠨ ᠪᠠ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠥᠬᠦᠴᠡᠯ ᠳᠤ ᠨᠡᠶᠢᠴᠡᠬᠦ 2626 ᠬᠦᠨᠳᠦ ᠵᠡᠮᠳᠡᠭ ᠬᠥᠮᠥᠨ ᠳᠤ 200 ᠲᠥᠭᠦᠷᠢᠭ ᠤᠨ ᠪᠠᠷᠢᠮᠵᠢᠶ᠎ᠠ ᠪᠠᠷ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ 52.52 ᠲᠦᠮᠡᠨ ᠲᠥᠭᠦᠷᠢᠭ ᠢ ᠣᠷᠣᠯᠠᠨ ᠲᠤᠰᠢᠶᠠᠵᠠᠢ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ 8791 ᠡᠲᠡᠭᠡᠳ᠂ 68 ᠣᠨᠴᠠ ᠬᠦᠴᠢᠷᠳᠡᠯᠲᠡᠢ ᠬᠥᠮᠥᠰ ᠪᠠ ᠲᠥᠯᠥᠪᠯᠡᠭᠡ ᠲᠠᠢ ᠪᠠᠷ ᠬᠡᠦᠬᠡᠳ ᠠᠪᠬᠤ ᠳᠤ ᠣᠨᠴᠠ ᠬᠦᠴᠢᠷᠳᠡᠯᠲᠡᠢ 217 ᠭᠡᠷ ᠪᠦᠯᠢ ᠶᠢᠨ ᠪᠦᠷᠢᠯᠳᠦᠭᠦᠨ ᠳᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ 90.76 ᠲᠦᠮᠡᠨ ᠲᠥᠭᠦᠷᠢᠭ ᠤᠨ ᠵᠠᠷᠤᠳᠠᠯ ᠢ 100 ᠲᠥᠭᠦᠷᠢᠭ ᠤᠨ ᠪᠠᠷᠢᠮᠵᠢᠶ᠎ᠠ ᠪᠠᠷ ᠣᠷᠣᠯᠠᠨ ᠲᠤᠰᠢᠶᠠᠵᠤ᠂ ᠬᠦᠴᠢᠷᠳᠡᠯᠲᠡᠢ ᠬᠥᠮᠥᠨ ᠠᠮᠠ ᠶᠢᠨ ᠣᠷᠤᠯᠴᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠵᠠᠯᠭᠠᠭᠠᠳ ᠰᠢᠨ᠎ᠡ ᠪᠠᠷ ᠨᠡᠮᠡᠭᠳᠡᠭᠰᠡᠨ ᠬᠦᠴᠢᠷᠳᠡᠯ ᠲᠠᠢ ᠬᠥᠮᠥᠨ ᠠᠮᠠ ᠳᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ᠂ ᠴᠠᠭ ᠲᠤᠬᠠᠢ ᠳᠤᠨᠢ ᠢᠯᠭᠠᠷᠠᠭᠤᠯᠤᠨ ᠲᠢᠭᠯᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号