ᠪᠥᠬᠦ ᠠᠶᠢᠮᠠᠭ ᠤᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/3/28
   
   3 ᠰᠠᠷ᠎ᠠ ᠶᠢᠨ 25 ᠤ ᠡᠳᠦᠷ᠂ ᠪᠥᠬᠦ ᠠᠶᠢᠮᠠᠭ ᠤᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤᠨ ᠤ ᠬᠤᠩ ᠰᠢᠨ ᠲᠣᠰᠬᠤᠨ ᠤ ᠪᠣᠬᠢᠷᠳᠤᠯ ᠦᠭᠡᠢ ᠣᠶᠤᠨᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠵᠠᠩ ᠶᠢᠨ ᠰᠦᠸᠧ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ᠂ ᠡᠯ᠎ᠡ ᠬᠤᠰᠢᠭᠤ ᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃ ᠡᠯ᠎ᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠠᠷᠢᠮᠠᠯ ᠤᠨ ᠲᠣᠮᠣ ᠡᠷᠦᠬᠡ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠤᠯᠠᠭᠠᠨᠬᠤᠲᠠ᠂ ᠤᠯᠠᠭᠠᠨᠬᠠᠳᠠ ᠬᠤᠳᠠ ᠶᠢᠨ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠠᠷᠢᠶᠠᠯᠠᠩ ᠤᠨ ᠮᠠᠰᠢᠨ ᠪᠠᠭᠠᠵᠢ ᠶᠢᠨ ᠮᠧᠬᠠᠨᠢᠭ ᠤᠨ ᠴᠢᠳᠠᠪᠬᠢ᠂ ᠵᠠᠬ᠎ᠠ ᠳᠡᠯᠭᠡᠭᠦᠷ ᠤᠨ ᠦᠨ᠎ᠡ ᠬᠠᠩᠰᠢ ᠪᠣᠯᠣᠨ ᠲᠦᠷᠢᠶᠡᠰᠦᠯᠡᠬᠦ ᠲᠤᠬᠠᠶᠢᠯᠠᠭᠰᠠᠨ ᠠᠵᠢᠯ ᠢ ᠲᠠᠨᠢᠯᠴᠠᠭᠤᠯᠪᠠ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠬᠤᠯᠪᠣᠭᠳᠠᠯ ᠪᠦᠬᠦᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠪᠡ᠃ ᠦᠵᠡᠭᠦᠯᠦᠯᠭᠡ ᠶᠢᠨ ᠲᠤᠬᠠᠢ ᠶᠢᠨ ᠲᠠᠯᠠᠪᠤᠷ ᠲᠤ᠂ ᠬᠤᠯᠪᠣᠭᠳᠠᠯ ᠪᠦᠬᠦᠢ ᠬᠥᠮᠥᠰ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ ᠨᠠᠷᠢᠯᠢᠭ ᠭᠠᠵᠠᠷ ᠢ ᠲᠡᠭᠰᠢᠯᠡᠬᠦ᠂ ᠡᠭᠦᠯᠳᠡᠷ᠂ ᠳᠠᠷᠢᠬᠤ ᠨᠢᠭᠲᠠᠴᠠ᠂ ᠳᠠᠷᠢᠬᠤ ᠲᠣᠬᠢᠷᠠᠮᠵᠢᠲᠠᠢ ᠬᠤᠭᠤᠴᠠᠭ᠎ᠠ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ᠂ ᠮᠠᠰᠢᠨ ᠢᠶᠠᠷ ᠳᠠᠷᠢᠵᠤ ᠮᠠᠰᠢᠨ ᠢᠶᠠᠷ ᠬᠤᠷᠢᠶᠠᠬᠤ ᠵᠡᠷᠭᠡ ᠮᠡᠷᠭᠡᠵᠢᠯ ᠤᠨ ᠲᠣᠭᠤᠷᠢᠨ ᠳᠤ ᠪᠣᠳᠠᠲᠠᠢ ᠲᠠᠶᠢᠯᠤᠮᠵᠢ ᠬᠢᠭᠰᠡᠨ ᠪᠥᠭᠡᠳ ᠪᠣᠷᠳᠣᠭᠤᠷ ᠣᠷᠣᠭᠤᠯᠬᠤ᠂ ᠳᠠᠷᠢᠬᠤ ᠵᠡᠷᠭᠡ ᠠᠷᠭ᠎ᠠ ᠬᠡᠯᠪᠡᠷᠢ ᠶᠢᠨ ᠲᠠᠯ᠎ᠠ ᠪᠠᠷ ᠲᠤᠬᠠᠢ ᠶᠢᠨ ᠲᠠᠯᠠᠪᠤᠷ ᠤᠨ ᠠᠵᠢᠯᠯᠠᠭᠠᠨ ᠤ ᠦᠵᠡᠭᠦᠯᠦᠯᠭᠡ ᠬᠢᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠪᠠᠰᠠ ᠲᠠᠷᠢᠮᠠᠯ ᠤᠨ ᠲᠣᠳᠣᠷᠬᠠᠢ ᠺᠠᠷᠲ ᠲᠠᠷᠬᠠᠭᠠᠵᠤ᠂ 2022 ᠣᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠮᠡᠷᠭᠡᠵᠢᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠮᠠᠰᠢ ᠰᠠᠶᠢᠨ ᠳᠡᠯᠭᠡᠷᠡᠭᠦᠯᠬᠦ ᠦᠨ᠎ᠡ ᠥᠷᠲᠡᠭ ᠪᠠ ᠳᠡᠯᠭᠡᠷᠡᠭᠦᠯᠬᠦ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠡᠷᠳᠡᠨᠢ ᠰᠢᠰᠢ ᠶᠢᠨ ᠤᠨᠠᠯᠲᠠ ᠶᠢ ᠪᠠᠭᠤᠷᠠᠭᠤᠯᠬᠤ ᠦᠭᠡᠢ᠂ ᠰᠢᠷ᠎ᠠ ᠪᠤᠷᠴᠠᠭ ᠢ ᠢᠯᠡᠭᠦᠦ ᠬᠤᠷᠢᠶᠠᠬᠤ ᠦᠷ᠎ᠡ ᠠᠰᠢᠭ ᠢ ᠦᠨᠡᠨ ᠬᠦ ᠣᠯᠭᠤᠵᠠᠢ᠃    ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠠᠵᠢᠯ ᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠭᠰᠠᠭᠠᠷ ᠢᠷᠡᠵᠡᠶ᠃ ᠨᠢᠳᠤᠨᠤᠨ ᠡᠪᠦᠯ ᠡᠨᠡ ᠬᠠᠪᠤᠷ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠵᠤ᠂ ᠭᠤᠣᠯᠳᠠᠯᠭ᠎ᠠ ᠲᠠᠢ ᠣᠷᠣᠨ ᠪᠦᠰᠡ ᠶᠢ ᠲᠣᠪᠤᠶᠢᠯᠭᠠᠨ᠂ ᠠᠵᠤ ᠦᠢᠯᠡᠰ ᠢᠶᠠᠷ ᠳᠠᠶᠢᠴᠢᠯᠠᠬᠤ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠲᠠᠷᠢᠮᠠᠯ ᠤᠨ ᠲᠣᠮᠣ ᠡᠷᠦᠬᠡ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ ᠮᠡᠷᠭᠡᠵᠢᠯ ᠤᠨ ᠮᠡᠷᠭᠡᠵᠢᠯᠲᠡᠨ ᠵᠡᠷᠭᠡ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠲᠤᠰᠬᠠᠢ ᠲᠥᠷᠥᠯ ᠤᠨ ᠶᠠᠷᠢᠯᠴᠠᠬᠤ ᠬᠤᠷᠠᠯ ᠬᠢᠵᠦ᠂ 2 ᠵᠦᠢᠯ ᠤᠨ ᠭᠤᠣᠯ ᠳᠡᠯᠭᠡᠷᠡᠭᠦᠯᠬᠦ ᠮᠡᠷᠭᠡᠵᠢᠯ ᠤᠨ ᠵᠠᠭᠪᠤᠷ ᠢ ᠰᠤᠳᠤᠯᠤᠨ ᠲᠣᠭᠲᠠᠭᠠᠵᠤ᠂ 6 ᠲᠦᠮᠡᠨ ᠮᠦ ᠶᠢᠨ ᠲᠠᠯᠠᠪᠠᠶ ᠶᠢ ᠨᠠᠶᠢᠳᠠᠪᠤᠷᠢᠵᠢᠭᠤᠯᠤᠨ᠂ 12 ᠰᠤᠮᠤ ᠰᠢᠶᠠᠩ ᠪᠠᠯᠭᠠᠰᠤ᠂ 62 ᠭᠠᠴᠠᠭ᠎ᠠ ᠲᠣᠰᠬᠤᠨ᠂ 723 ᠲᠠᠷᠢᠮᠠᠯ ᠤᠨ ᠭᠤᠣᠯ ᠴᠣᠭᠴᠠ ᠶᠢ ᠬᠠᠮᠤᠷᠪᠠ᠃ ᠣᠲᠣ ᠪᠣᠯᠲᠠᠯ᠎ᠠ᠂ ᠲᠦᠯᠦᠪᠯᠡᠭᠰᠡᠨ ᠡᠭᠦᠷᠭᠡ ᠶᠢᠨ ᠲᠠᠯᠠᠪᠠᠶ ᠶᠢ ᠪᠦᠬᠦᠨ ᠢ ᠨᠠᠶᠢᠳᠠᠪᠤᠷᠢᠵᠢᠭᠤᠯᠤᠨ ᠪᠡᠶᠡᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号