ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/4
   
   3 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠦᠵᠡᠯ ᠰᠠᠨᠠᠭ᠎ᠠ ᠪᠣᠯᠣᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2021 ᠣᠨ ᠤ ᠠᠵᠢᠯ ᠤᠨ ᠦᠷ᠎ᠡ ᠪᠦᠲᠦᠮᠵᠢ ᠶᠢ ᠨᠠᠷᠢᠨ ᠬᠢᠨᠠᠮᠠᠭᠠᠢ ᠳ᠋ᠦᠩᠨᠡᠵᠦ᠂ 2022 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠯᠢᠦ ᠭᠠᠩ ᠪᠥᠬᠦ ᠬᠤᠰᠢᠭᠤᠨ ᠤ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ︾ ᠡᠯ᠎ᠡ ᠵᠦᠢᠯ ᠤᠨ ᠠᠵᠢᠯ ᠢ ᠳ᠋ᠦᠩᠨᠡᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠥᠷᠢᠰᠦᠯᠳᠦᠭᠡᠨ ᠢ ᠵᠠᠳᠠᠯᠬᠤ ᠶᠢᠨ ᠬᠠᠮᠲᠤ᠂ ᠪᠥᠬᠦ ᠬᠤᠰᠢᠭᠤᠨ ᠤ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠭᠤᠣᠯᠳᠠᠯᠭ᠎ᠠ ᠲᠠᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤᠳᠬᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠤᠳᠤᠷᠢᠳᠬᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠤᠯᠤᠰ ᠲᠦᠷᠦ ᠬᠠᠤᠯᠢ ᠴᠠᠭᠠᠵᠠ ᠶᠢᠨ ᠠᠮᠤᠷ ᠲᠦᠪᠰᠢᠨ ᠢ ᠬᠠᠮᠠᠭᠠᠯᠠᠬᠤ ᠪᠣᠯᠣᠳ ᠬᠡᠷᠡᠮ ᠪᠣᠯᠣᠳ ᠬᠠᠨ᠎ᠠ ᠶᠢ ᠪᠠᠬᠢᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠳᠦᠷᠢᠮ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠭᠦᠨᠵᠡᠭᠡᠶᠢᠷᠡᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠠᠮᠤᠭᠤᠯᠠᠩ ᠡᠮᠦᠨᠡᠲᠦ ᠬᠤᠰᠢᠭᠤ︾ ᠶᠢ ᠪᠦᠲᠦᠭᠡᠨ ᠪᠠᠶᠢᠭᠤᠯᠬᠤ ᠬᠡᠷᠡᠭᠲᠡᠢ᠃ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠡᠩ ᠥᠨᠳᠥᠷ ᠭᠠᠷᠤᠭ᠎ᠠ ᠳᠡᠭᠡᠷ᠎ᠡ ᠠᠴᠠ ᠰᠢᠰᠲ᠋ᠧᠮ ᠤᠨ ᠴᠤᠭᠯᠠᠷᠠᠯ᠂ ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠶᠠᠰᠤ ᠴᠢᠨᠠᠷ ᠦᠷ᠎ᠡ ᠠᠰᠢᠭ ᠪᠣᠯᠣᠨ ᠤᠯᠠᠨ ᠢ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠴᠠᠭᠠᠷᠠᠭᠰᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠡᠢ᠃     ᠬᠤᠷᠠᠯ  ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠲᠣᠰ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠢᠬᠤᠯᠠᠴᠢᠯᠠᠨ ᠪᠠᠶᠢᠷᠢᠯᠠᠭᠤᠯᠵᠠᠢ᠃    ᠬᠤᠷᠠᠯ ᠤᠨ ᠳᠠᠷᠠᠭ᠎ᠠ ᠪᠠᠰᠠ ᠬᠤᠰᠢᠭᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠤᠨ ᠪᠦᠷᠢᠯᠳᠦᠭᠦᠨ ᠨᠢᠭᠡᠴᠡ ᠶᠢᠨ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号