ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ︽ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠠᠬᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠠᠢ
ᠨᠡᠶᠢᠲᠡᠯᠡᠭᠰᠡᠨ ᠴᠠᠭ᠄
2022/3/7
     ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠷᠠᠳ ᠲᠦᠮᠡᠨ ᠳᠤ ᠦᠢᠯᠡᠴᠢᠯᠡᠬᠦ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ︽ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠬᠡᠷᠡᠭᠴᠡᠭᠡ ᠳᠤ ᠬᠠᠷᠢᠭᠤ ᠥᠭᠬᠦ︾ ᠦᠢᠯᠡᠴᠢᠯᠡᠭᠡᠨ ᠤ ᠡᠬᠢᠯᠡᠯᠲᠡ ᠶᠢᠨ ᠴᠡᠭ ᠲᠤ ᠰᠠᠭᠤᠷᠢᠯᠠᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠶᠢᠳᠠᠪᠤᠷᠢᠵᠢᠭᠤᠯᠵᠤ᠂ ︽ᠲᠠᠨ ᠢ ᠬᠠᠪᠰᠤᠷᠤᠨ ᠭᠦᠢᠴᠡᠳᠬᠡᠬᠦ︾ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷᠳᠡᠯ᠂ ᠪᠡᠷᠬᠡᠰᠢᠶᠡᠯ᠂ ᠡᠪᠡᠷᠰᠢᠶᠡᠯ ᠢ ᠰᠢᠢᠳᠪᠦᠷᠢᠯᠡᠵᠤ᠂ ᠠᠵᠤ ᠠᠬᠤᠶᠢᠯᠠᠯ᠂ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ ᠦᠨᠡᠨ ᠬᠦ ᠨᠠᠩ ᠶᠡᠭᠡ ᠬᠦᠷᠲᠡᠭᠡᠭᠰᠡᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠰᠠᠭᠤᠭᠠᠯᠢ ᠠᠷᠠᠳ ᠴᠠᠩ ᠶᠠᠨ ᠹᠥ᠋ᠩ ᠪᠡᠶ᠎ᠡ ᠰᠤᠪᠢᠯᠠᠯᠲᠠ ᠶᠢᠨ ᠭᠠᠵᠠᠷ ᠨᠡᠭᠡᠭᠡᠬᠦ ᠪᠠᠷ ᠲᠥᠯᠥᠪᠯᠡᠵᠦ ᠪᠤᠢ᠃ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ ᠂ ᠲᠡᠷᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ᠂ ᠪᠡᠶ᠎ᠡ ᠶᠢᠨ ᠭᠠᠷᠤᠯ ᠢ ᠬᠢᠨᠠᠨ ᠰᠢᠯᠭᠠᠬᠤ᠂ ᠬᠢᠷᠢ ᠬᠡᠮ ᠢ ᠬᠢᠨᠠᠨ ᠪᠠᠶᠢᠴᠠᠭᠠᠬᠤ᠂ ᠦᠢᠯᠡᠳᠦᠨ ᠭᠦᠢᠴᠡᠳᠬᠡᠬᠦ ᠵᠡᠷᠭᠡ ᠬᠠᠮᠢᠶ᠎ᠠ ᠪᠦᠬᠦᠢ ᠭᠠᠷ ᠭᠦᠢᠴᠡᠳᠬᠡᠯ ᠢ ᠥᠩᠭᠡᠷᠡᠭᠡᠵᠡᠢ᠃    ︽ᠥᠩᠭᠡᠷᠡᠭᠰᠡᠨ ᠳᠤ ᠡᠨᠡ ᠠᠵᠢᠯ ᠢ ᠬᠢᠬᠦ ᠳᠤ ᠬᠡᠳᠦ ᠬᠡᠳᠦᠨ ᠭᠠᠵᠠᠷ ᠢᠶᠠᠷ ᠶᠠᠪᠤᠬᠤ ᠴᠢᠬᠤᠯᠠ ᠲᠠᠢ ᠪᠠᠶᠢᠭᠰᠠᠨ᠂ ᠤᠳᠤ ᠨᠢᠭᠡ ᠰᠠᠯᠠᠭ᠎ᠠ ᠮᠥᠴᠢᠷ ᠲᠤ ᠬᠢᠭᠡᠳ ᠪᠠᠷᠠᠴᠢᠬᠠᠵᠠᠢ᠂ ᠡᠨᠡ ᠨᠢ ᠮᠠᠰᠢ ᠲᠦᠷᠭᠡᠨ ᠪᠥᠭᠡᠳ ᠲᠦᠬᠦᠮ᠂ ᠠᠵᠢᠯ ᠤᠨ ᠪᠠᠶᠢᠷᠢ ᠳᠠᠬᠢ ᠠᠵᠢᠯᠲᠠᠳ ᠴᠤ ᠮᠠᠰᠢ ᠡᠶᠡᠯᠰᠡᠭ ᠳᠣᠲᠣᠨᠣ ᠪᠠᠶᠢᠨ᠎ᠠ᠃︾ ᠬᠠᠭᠠᠰ ᠴᠠᠭ ᠪᠣᠯᠣᠯ ᠦᠭᠡᠢ ᠪᠠᠷ ᠡᠵᠡᠩᠨᠡᠯᠲᠡ ᠶᠢᠨ ᠦᠨᠡᠮᠯᠡᠯ ᠢᠶᠠᠨ ᠣᠯᠵᠤ᠂ ᠣᠯᠠᠨ ᠵᠢᠯ ᠬᠤᠳᠠᠯᠳᠤᠭ᠎ᠠ ᠡᠷᠭᠢᠯᠡᠭᠰᠡᠨ ᠴᠠᠩ ᠶᠠᠨ ᠹᠧᠩ ᠢ ᠶᠡᠬᠡᠳᠡ ᠰᠣᠴᠢᠭᠠᠨ ᠪᠠᠶᠠᠷᠯᠠᠭᠤᠯᠵᠠᠢ᠃    ᠨᠢᠳᠤᠨᠤᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ︽ᠭᠤᠣᠯ ᠬᠥᠳᠡᠯᠭᠡᠭᠦᠷ︾ ᠪᠣᠯᠭᠠᠭᠰᠠᠨ ᠪᠠᠶᠢᠨ᠎ᠠ᠃ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠶᠢᠨ ᠣᠷᠣᠵᠤ ᠰᠠᠭᠤᠬᠤ ᠨᠢᠭᠡᠴᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ ᠂ ᠣᠷᠣᠵᠤ ᠰᠠᠭᠤᠬᠤ ᠵᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ︽ᠵᠢᠵᠢᠭ ᠶᠡᠷᠦᠩᠬᠡᠶᠢᠯᠡᠭᠰᠡᠨ ᠴᠣᠩᠬᠤ︾ ᠶᠢᠨ ᠰᠢᠨ᠎ᠡ ᠶᠢ ᠡᠭᠦᠳᠬᠦ ᠪᠠᠷ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠶᠡᠭᠡ ᠦᠢᠯᠡᠴᠢᠯᠡᠭᠡ ᠶᠢ ᠪᠡᠶᠡᠯᠡᠭᠦᠯᠵᠠᠢ᠃ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠷᠣᠵᠤ ᠰᠠᠭᠤᠬᠤ ᠰᠠᠯᠠᠭ᠎ᠠ ᠮᠥᠴᠢᠷ 32 ᠪᠠᠶᠢᠵᠤ᠂ ᠦᠢᠯᠡᠴᠢᠯᠡᠭᠡᠨ ᠤ ᠵᠦᠢᠯᠡᠰ 809 ᠪᠣᠯᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ᠬᠠᠨᠳᠤᠭᠤᠯᠤᠭᠰᠠᠨ ᠪᠣᠶ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠵᠤ ᠰᠠᠭᠤᠯᠭᠠᠬᠤ ᠶᠢ ᠪᠡᠶᠡᠯᠡᠭᠦᠯᠪᠡ᠃    ᠣᠲᠣ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠡᠶᠢᠲᠡ 120 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠡᠮᠬᠢᠯᠡᠨ ᠳᠢᠭᠯᠡᠵᠦ᠂ ᠬᠠᠮᠲᠤᠷᠠᠨ ᠭᠦᠢᠴᠡᠳᠬᠡᠬᠦ ᠵᠦᠢᠯᠡᠰ ᠢ 7014 ᠰᠢᠢᠳᠪᠦᠷᠢᠯᠡᠵᠦ᠂ ᠮᠠᠲ᠋ᠧᠷᠢᠶᠠᠯ ᠢ ᠳᠠᠷᠤᠵᠤ ᠬᠠᠰᠤᠭᠰᠠᠨ ᠬᠠᠷᠢᠴᠠᠯ ᠨᠢ 41% ᠬᠦᠷᠴᠦ᠂ ᠬᠡᠷᠡᠭ ᠭᠦᠢᠴᠡᠳᠬᠡᠬᠦ ᠭᠤᠭᠴᠤᠭ᠎ᠠ ᠶᠢᠨ ᠳᠠᠷᠤᠵᠤ ᠬᠠᠰᠤᠭᠰᠠᠨ ᠬᠠᠷᠢᠴᠠᠯ ᠨᠢ 61% ᠬᠦᠷᠴᠦ᠂ ᠬᠢᠨᠠᠨ ᠵᠥᠪᠰᠢᠶᠡᠷᠡᠬᠦ ᠴᠠᠭ ᠤᠨ ᠳᠠᠷᠤᠵᠤ ᠬᠠᠰᠤᠭᠰᠠᠨ ᠬᠠᠷᠢᠴᠠᠯ ᠨᠢ 71% ᠬᠦᠷᠴᠦ᠂ ᠭᠦᠶᠦᠭᠰᠡᠨ ᠤᠳᠠᠭ᠎ᠠ ᠶᠢᠨ ᠳᠠᠷᠤᠵᠤ ᠬᠠᠰᠤᠭᠰᠠᠨ ᠬᠠᠷᠢᠴᠠᠯ ᠨᠢ 72% ᠬᠦᠷᠴᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠢᠷᠭᠡᠳ ᠤᠨ ᠠᠮᠢᠳᠤᠷᠠᠯ ᠳᠤ ᠨᠠᠶᠢᠳᠠᠪᠤᠷᠢᠵᠢᠭᠤᠯᠵᠤ᠂ ᠴᠡᠴᠡᠭᠯᠡᠨ ᠵᠢᠮᠢᠰᠯᠡᠭᠦᠯᠬᠦ ᠶᠢ ᠪᠡᠶᠡᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号