ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/11
   
     4 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠹᠠᠩ ᠢᠦᠢ ᠼᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠰᠦᠨ ᠱᠤ᠋ ᠲᠤᠤ ᠨᠠᠷ ᠤᠷᠢᠳ ᠬᠤᠵᠢᠳ ᠤᠯᠠᠭᠠᠨᠬᠤᠲᠠ ᠶᠢᠨ ᠪᠠᠷᠠᠭᠤᠨ ᠳᠠᠬᠢ ᠵᠠᠰᠠᠮᠠᠯ ᠵᠠᠮ ᠤᠨ ᠪᠤᠭᠤᠮᠲᠠ ᠂ ᠨᠡᠲᠦᠭᠡᠷ ᠪᠠᠯᠭᠠᠰᠤᠨ ᠤ ᠬᠢᠵᠢᠭ ᠤᠨ ᠪᠠᠶᠢᠳᠠᠯ ᠢ ᠪᠠᠶᠢᠴᠠᠭᠠᠬᠤ ᠦᠷᠳᠡᠭᠡ᠂  ᠵᠢᠷᠦᠭᠡᠨ ᠪᠠᠯᠭᠠᠰᠤᠨ ᠤ ᠬᠢᠵᠢᠭ ᠤᠨ ᠪᠠᠶᠢᠳᠠᠯ ᠢ ᠪᠠᠶᠢᠴᠠᠭᠠᠬᠤ ᠦᠷᠳᠡᠭᠡ ᠵᠡᠷᠭᠡ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠵᠠᠢ᠃ ᠬᠦᠷᠦᠭᠰᠡᠨ ᠭᠠᠵᠠᠷ ᠪᠣᠯᠭᠠᠨ ᠳᠤ᠂ ᠰᠦᠨ ᠱᠤ᠋ ᠲᠤᠤ ᠡᠯ᠎ᠡ ᠬᠠᠮᠢᠶᠠᠷᠤᠨ ᠡᠵᠡᠮᠳᠡᠬᠦ ᠪᠤᠭᠤᠮᠲᠠ ᠤᠨ ᠨᠠᠰᠢ ᠴᠠᠰᠢ ᠥᠩᠭᠡᠷᠡᠬᠦ ᠲᠡᠷᠭᠡ ᠵᠢᠴᠢ ᠬᠥᠮᠥᠰ ᠢ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ ᠶᠢ ᠳᠠᠩᠰᠠᠯᠠᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠰᠦᠨ ᠱᠤ᠋ ᠲᠤᠤ ᠴᠢᠬᠤᠯᠠᠴᠢᠯᠠᠭᠰᠠᠨ ᠨᠢ᠂ ᠵᠠᠰᠠᠮᠠᠯ ᠵᠠᠮ ᠤᠨ ᠪᠣᠭᠤᠮᠲᠠ ᠨᠢ ᠭᠠᠳᠠᠭᠠᠳᠤ  ᠠᠴᠠ ᠣᠷᠣᠭᠤᠯᠬᠤ  ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ  ᠶᠢᠨ ᠱᠤᠭᠤᠮ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠬᠤᠯᠠ ᠬᠠᠯᠬᠠᠪᠴᠢ ᠪᠣᠯᠤᠭᠰᠠᠨ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠨᠡᠮᠡᠭᠳᠡᠭᠦᠯᠦᠨ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠪᠠᠨ ᠦᠨᠡᠨ ᠬᠦ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠰᠦᠨ ᠱᠤ᠋ ᠲᠤᠸ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ  ᠢ ᠪᠠᠶᠢᠴᠠᠭᠠᠬᠤ ᠥᠷᠲᠡᠭᠡ ᠴᠡᠭ  ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠪᠠᠶᠢᠭᠤᠯᠵᠤ᠂ ᠡᠯ᠎ᠡ ᠪᠣᠭᠤᠮᠲᠠ  ᠶᠢᠨ ᠪᠣᠳᠠᠲᠠᠢ ᠪᠠᠶᠢᠳᠠᠯ  ᠢ ᠦᠨᠳᠦᠰᠦᠯᠡᠨ᠂ ᠴᠠᠭ ᠲᠤᠬᠠᠢ ᠳᠤᠨᠢ ᠬᠥᠮᠥᠨ ᠤ ᠬᠦᠴᠦᠨ  ᠢ ᠲᠣᠬᠢᠷᠠᠭᠤᠯᠵᠤ᠂ ᠡᠯ᠎ᠡ ᠪᠣᠭᠤᠮᠲᠠ ᠶᠢ ᠴᠢᠩᠭ᠎ᠠ ᠰᠠᠬᠢᠵᠤ᠂ 24 ᠴᠠᠭ ᠲᠤ ᠡᠭᠡᠯᠵᠢᠯᠡᠨ ᠵᠢᠵᠢᠭᠦᠷᠯᠡᠨ ᠰᠠᠬᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠳᠤᠮᠳᠠ ᠦᠨᠳᠦᠷ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠮᠠᠨ ᠤ ᠬᠤᠰᠢᠭᠤᠨ ᠳᠤ ᠪᠤᠴᠠᠵᠤ ᠢᠷᠡᠬᠦ ᠬᠥᠮᠥᠰ ᠢ ᠪᠠᠶᠢᠴᠠᠭᠠᠨ ᠡᠵᠡᠮᠳᠡᠬᠦ ᠠᠵᠢᠯ ᠢ ᠴᠢᠩᠭᠠᠳᠬᠠᠵᠤ᠂ ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠷᠢᠮᠲᠠᠯᠠᠨ᠂ ᠭᠢᠷᠢᠨ ᠳᠤ ᠡᠪᠡᠳᠴᠢᠨ ᠦᠵᠡᠭᠦᠯᠬᠦ ᠪᠠᠷ ᠣᠴᠢᠭᠰᠠᠨ ᠬᠥᠮᠥᠰ ᠵᠢᠴᠢ ᠰᠤᠪᠢᠯᠠᠭᠴᠢ ᠶᠢᠨ ᠲᠤᠰᠠᠭᠠᠷᠯᠠᠬᠤ ᠪᠣᠭᠤᠮᠲᠠ ᠶᠢ ᠰᠠᠶᠢᠲᠤᠷ ᠰᠠᠬᠢᠵᠤ᠂ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾  ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠣᠷᠣᠭᠤᠯᠤᠯᠲᠠ ᠶᠢᠨ ᠴᠢᠨᠠᠷᠲᠠᠢ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃ ᠲᠠᠷᠢᠶᠠᠯᠠᠩ ᠳᠤ ᠬᠡᠷᠡᠭᠯᠡᠬᠦ ᠡᠳ᠋ ᠪᠠᠷᠠᠭ᠎ᠠ᠂ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠳᠤ ᠬᠦᠷᠦᠯᠴᠡᠬᠦ ᠦᠭᠡᠢ ᠲᠡᠭᠡᠭᠡᠪᠦᠷᠢ ᠶᠢ ᠥᠷᠨᠢᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠬᠤᠲᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号