ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠨᠠᠮ ᠡᠪᠯᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠪᠡ
ᠨᠡᠶᠢᠲᠡᠯᠡᠭᠰᠡᠨ ᠴᠠᠭ᠄
2022/4/18
     4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠥᠨᠢ ᠡᠭᠦᠷᠢᠳᠡ ᠨᠠᠮ ᠢᠶᠠᠨ ᠲᠠᠭᠠᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠵᠠᠯᠠᠭᠤᠴᠤᠳ ᠤᠨ ᠨᠠᠮ ᠤᠨ ᠲᠡᠦᠬᠡ᠂ ᠡᠪᠯᠡᠯ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢᠶᠠᠨ ᠤ ᠳᠡᠳ᠋ ᠱᠦᠵᠢ ᠯᠢ ᠵᠢᠩ ᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃    ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠰᠣᠩᠭᠤᠨ ᠬᠠᠷᠢᠭᠤᠯᠬᠤ ᠰᠡᠳᠦᠪ ᠪᠠ ᠵᠠᠪᠳᠤᠨ ᠬᠠᠷᠢᠭᠤᠯᠬᠤ ᠰᠡᠳᠦᠪ ᠤᠨ ᠭᠤᠭᠴᠤᠭ᠎ᠠ ᠶᠢ ᠲᠣᠬᠢᠷᠠᠭᠤᠯᠵᠤ᠂ ᠵᠠᠪᠠᠯ ᠬᠠᠷᠢᠭᠤᠯᠬᠤ ᠰᠡᠳᠦᠪ ᠤᠨ ᠭᠤᠭᠴᠤᠭ᠎ᠠ ᠳᠤ ᠡᠯ᠎ᠡ ᠤᠷᠤᠯᠳᠤᠭᠠᠨ ᠳᠤ ᠣᠷᠤᠯᠴᠠᠬᠤ ᠠᠩᠭᠢ ᠶᠢᠨ ᠬᠢᠨ ᠠᠳᠠᠯᠢ ᠪᠤᠰᠤ ᠪᠠᠶᠢᠳᠠᠯ ᠢ ᠪᠠᠳᠠᠷᠠᠭᠤᠯᠵᠠᠢ᠃ ᠡᠭᠦᠨ ᠳᠤ ᠵᠠᠪᠠᠯ ᠬᠠᠷᠢᠭᠤᠯᠬᠤ ᠰᠡᠳᠦᠪ ᠤᠨ ᠭᠤᠭᠴᠤᠭ᠎ᠠ ᠳᠤ᠂ ᠡᠯ᠎ᠡ ᠤᠷᠤᠯᠳᠤᠭᠠᠨ ᠳᠤ ᠣᠷᠤᠯᠴᠠᠬᠤ ᠠᠩᠭᠢ ᠶᠢᠨ ᠬᠢᠨ ᠮᠠᠰᠢ ᠲᠣᠭᠲᠠᠭᠤᠨ ᠪᠠᠶᠢᠳᠠᠯ ᠢ ᠪᠠᠳᠠᠷᠠᠭᠤᠯᠵᠠᠢ᠃ ᠰᠡᠳᠦᠪ ᠰᠣᠩᠭᠤᠨ ᠬᠠᠷᠢᠭᠤᠯᠬᠤ ᠶᠠᠪᠤᠴᠠ ᠳᠤ᠂ ᠰᠡᠳᠦᠪ ᠬᠠᠷᠢᠭᠤᠯᠬᠤ ᠲᠠᠮᠢᠷᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠢᠳᠡᠪᠬᠢᠲᠡᠢ ᠪᠠᠷ ᠰᠣᠩᠭᠤᠨ ᠬᠠᠷᠢᠭᠤᠯᠵᠤ᠂ ᠠᠵᠢᠯᠯᠠᠭ᠎ᠠ ᠪᠠᠨ ᠤᠷᠬᠢᠯ ᠳᠤᠨᠢ ᠬᠦᠷᠭᠡᠪᠡ᠃ ᠬᠠᠮᠤᠭ ᠤᠨ ᠰᠡᠭᠦᠯᠴᠢ ᠶᠢᠨ ᠨᠢᠭᠡ ᠪᠣᠭᠤᠮᠲᠠ ᠳᠤ ︽ᠰᠡᠳᠦᠪ ᠢ ᠠᠮᠵᠢᠨ ᠬᠠᠷᠢᠭᠤᠯᠬᠤ︾ ᠵᠠᠩᠭᠢᠯᠠᠭ᠎ᠠ ᠳᠤ᠂ ᠡᠯ᠎ᠡ ᠡᠩᠨᠡᠭᠡ ᠲᠣᠭᠲᠠᠭᠤᠨ ᠤ ᠳᠤᠮᠳᠠ ᠤᠷᠤᠭᠰᠢᠯᠠᠵᠤ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠪᠡ᠃ ᠲᠤᠬᠠᠢ ᠶᠢᠨ ᠲᠠᠯᠠᠪᠠᠢ ᠶᠢᠨ ᠪᠠᠴᠢᠮ ᠶᠠᠭᠠᠷᠠᠯᠲᠠᠢ ᠪᠥᠭᠡᠳ ᠬᠦᠷ ᠬᠥᠭᠵᠢᠶᠡᠨ ᠲᠠᠢ ᠪᠠᠶᠢᠵᠤ᠂ ᠰᠡᠳᠦᠪ ᠬᠠᠷᠢᠭᠤᠯᠬᠤ ᠲᠠᠮᠢᠷᠴᠢᠳ ᠤᠨ ᠯᠠᠪᠳᠠᠭᠤᠨ ᠪᠠᠲᠤᠲᠠᠢ ᠰᠤᠷᠤᠯᠴᠠᠯᠭ᠎ᠠ ᠶᠢᠨ ᠦᠷ᠎ᠡ ᠪᠦᠲᠦᠮᠵᠢ ᠪᠣᠯᠣᠨ ᠭᠦᠨ ᠵᠤᠵᠠᠭᠠᠨ ᠤᠨᠤᠯ ᠤᠨ ᠦᠨᠳᠦᠰᠦᠨ ᠪᠣᠯᠪᠠᠰᠤᠷᠠᠯ ᠢ ᠳᠡᠯᠭᠡᠨ ᠦᠵᠡᠭᠦᠯᠵᠡᠢ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠰᠠᠯᠠᠭ᠎ᠠ ᠮᠥᠴᠢᠷ ᠤᠨ 32 ᠤᠷᠤᠯᠳᠤᠭᠠᠨ ᠳᠤ ᠣᠷᠣᠯᠴᠠᠭᠰᠠᠳ ᠢᠶᠠᠷ ᠪᠦᠷᠢᠯᠳᠦᠭᠰᠡᠨ 8 ᠠᠩᠭᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠠᠢ᠃ ᠬᠤᠶᠠᠷ ᠴᠠᠭ ᠰᠢᠬᠠᠮ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠤᠷᠤᠯᠳᠤᠭᠠᠨ ᠳᠤ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠪᠠ ᠪᠦᠬᠦ ᠲᠠᠯᠠᠪᠤᠷ ᠤᠨ ᠬᠠᠮᠤᠭ ᠰᠢᠯᠢᠳᠡᠭ ᠰᠡᠳᠦᠪ ᠬᠠᠷᠢᠭᠤᠯᠬᠤ ᠲᠠᠮᠢᠷᠴᠢᠨ ᠤ ᠱᠠᠩᠨᠠᠯ ᠢ ᠰᠢᠯᠭᠠᠷᠠᠭᠤᠯᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠤᠷᠤᠯᠳᠤᠭᠠᠨ ᠳᠤ ᠣᠷᠣᠯᠴᠠᠭᠰᠠᠨ ᠰᠡᠳᠦᠪ ᠬᠠᠷᠢᠭᠤᠯᠬᠤ ᠲᠠᠮᠢᠷᠴᠢᠨ ᠯᠢ ᠯᠢ᠂ ᠥᠨᠥᠳᠥᠷ ᠤᠨ ᠤᠷᠤᠯᠳᠤᠭᠠᠨ ᠳᠤ ᠨᠢᠭᠡᠳᠦᠭᠡᠷ ᠲᠤ ᠣᠷᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ ᠭᠡᠵᠦ ᠢᠯᠡᠳᠬᠡᠪᠡ᠃ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠨᠠᠮ ᠤᠨ ᠲᠡᠦᠬᠡ ᠶᠢ ᠲᠠᠬᠢᠨ ᠡᠷᠭᠢᠴᠡᠭᠦᠯᠵᠦ᠂ ᠲᠡᠭᠦᠨ ᠢ ᠨᠠᠮ ᠤᠨ ᠮᠡᠨᠳᠦᠯᠡᠭᠰᠡᠨ ᠪᠠ ᠬᠥᠭᠵᠢᠭᠰᠡᠨ ᠥᠩᠭᠡᠷᠡᠯᠲᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠭᠤᠴᠢᠨ ᠳᠤᠮᠳᠠᠳᠤ ᠤᠯᠤᠰ ᠤᠨ ᠴᠢᠯᠦᠭᠡᠯᠡᠯᠲᠡ ᠵᠢᠴᠢ ᠰᠢᠨ᠎ᠡ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠤᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠤ᠂ ᠪᠠᠭ᠎ᠠ ᠪᠤᠰᠤ ᠠᠰᠢᠭ ᠲᠤᠰᠠ ᠭᠥᠷᠳᠡᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号