ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠳᠠᠢ ᠬᠢᠨ᠎ᠡ
ᠨᠡᠶᠢᠲᠡᠯᠡᠭᠰᠡᠨ ᠴᠠᠭ᠄
2022/4/18
   
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠡᠬᠡᠵᠢᠭᠦᠯᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ ᠺᠧ ᠨᠡᠶᠢᠭᠡᠮ ᠲᠣᠭᠤᠷᠢᠭ ᠲᠤ᠂ ᠠᠶᠢᠮᠠᠭ ᠤᠨ ᠭᠠᠳᠠᠨ᠎ᠠ ᠠᠴᠠ ᠨᠤᠲᠤᠭ ᠲᠠᠭᠠᠨ ᠪᠤᠴᠠᠭᠰᠠᠨ ᠬᠥᠮᠥᠰ ᠤᠨ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠤᠭᠰᠠᠨ ᠰᠠᠨᠠᠭᠤᠯᠤᠮᠵᠢ ᠶᠢᠨ ᠮᠡᠳᠡᠭᠡ ᠵᠠᠩᠭᠢ ᠶᠢ ᠡᠭᠡᠯᠵᠢᠯᠡᠨ ᠨᠠᠪᠲᠠᠷᠡᠭᠦᠯᠵᠦ᠂ ᠣᠷᠣᠵᠤ ᠭᠠᠷᠬᠤ ᠬᠥᠮᠥᠰ ᠲᠤ ᠺᠣᠳ᠋ ᠰᠢᠷᠪᠢᠵᠦ ᠳᠤᠯᠠᠭᠠᠨ ᠢ ᠬᠡᠮᠵᠢᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠠᠢ᠃ ᠣᠳᠣᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ᠂ ᠰᠢᠩ ᠺᠧ ᠨᠡᠶᠢᠭᠡᠮ ᠲᠣᠭᠤᠷᠢᠭ ᠤᠨ ᠬᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠭᠠᠳᠠᠨ᠎ᠠ ᠠᠴᠠ ᠢᠷᠡᠵᠦ ᠨᠤᠲᠤᠭ ᠲᠠᠭᠠᠨ ᠪᠤᠴᠠᠭᠰᠠᠳ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ  ᠠᠴᠠ ᠪᠠᠨ ᠬᠠᠮᠵᠢᠯᠴᠠᠭᠤᠯᠵᠠᠢ᠃     ᠬᠢᠩᠭᠠᠨ ᠠᠶᠢᠮᠠᠭ ᠤᠨ ᠪᠠᠭᠰᠢ ᠶᠢᠨ ᠣᠷᠣᠨ ᠰᠠᠭᠤᠴᠠ ᠶᠢᠨ ᠲᠣᠭᠤᠷᠢᠭ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠦᠩ ᠨᠢᠩ ᠨᠡᠶᠢᠭᠡᠮ ᠲᠣᠭᠤᠷᠢᠭ ᠤᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠰᠠᠭᠤᠵᠤ ᠪᠠᠶᠢᠭ᠎ᠠ ᠭᠠᠵᠠᠷ ᠤᠨ ᠡᠳᠦᠷ ᠲᠤᠲᠤᠮ ᠤᠨ ᠠᠷᠢᠭᠤᠳᠬᠠᠬᠤ ᠠᠵᠢᠯ ᠢ ᠴᠢᠩᠭᠠᠳᠬᠠᠬᠤ ᠶᠢᠨ ᠬᠠᠮᠲᠤ ᠣᠷᠣᠨ ᠰᠠᠭᠤᠴᠠ ᠳᠠᠭᠠᠨ ᠡᠭᠦᠳᠡᠨ ᠰᠣᠷᠢᠨᠵᠢᠨ ᠵᠢᠴᠢ ᠠᠯᠤᠰ  ᠠᠴᠠ ᠰᠡᠭᠦᠳᠡᠷᠯᠡᠬᠦ ᠮᠠᠰᠢᠨ ᠤᠭᠰᠠᠷᠠᠵᠤ᠂ ᠡᠶᠢᠮᠦᠷᠬᠦ ᠬᠥᠮᠥᠰ ᠭᠠᠳᠠᠭᠰᠢ ᠭᠠᠷᠬᠤ ᠳᠤ ᠭᠦᠷᠪᠡᠯ᠂ ᠨᠡᠶᠢᠭᠡᠮ ᠲᠣᠭᠤᠷᠢᠭ ᠤᠨ ᠠᠵᠢᠯᠲᠠᠳ ᠤᠨ ᠭᠠᠷ ᠤᠲᠠᠰᠤᠨ ᠤ ᠰᠤᠷᠠᠭ ᠨᠢ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠵᠦ᠂ ᠭᠡᠷ ᠠᠴᠠ ᠪᠠᠨ ᠲᠤᠰᠠᠭᠠᠷᠯᠠᠬᠤ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠠᠢ᠃    ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠵᠤ ᠮᠡᠳᠡᠭᠦᠯᠦᠨ ᠳᠠᠩᠰᠠᠯᠠᠭᠤᠯᠬᠤ ᠪᠠᠷ ᠳᠡᠮᠵᠢᠨ᠂ ᠰᠦᠯᠵᠢᠶ᠎ᠡ ᠪᠠᠷ ᠤᠬᠠᠭᠤᠯᠬᠤ᠂ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ᠂ ᠲᠣᠮᠣ ᠳ᠋ᠠᠶᠢᠲ᠋ᠠ ᠪᠠᠷ ᠬᠠᠷᠢᠭᠤ ᠲᠤᠰᠬᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠷ ᠳᠤᠮᠳᠠ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠭᠰᠡᠨ ᠮᠠᠨ ᠤ ᠬᠤᠰᠢᠭᠤᠨ ᠤ ᠬᠥᠮᠥᠰ ᠲᠤ ᠴᠢᠭᠯᠡᠭᠦᠯᠦᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠯ᠎ᠡ ᠵᠦᠢᠯ ᠤᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠪᠣᠳᠠᠲᠠᠢ ᠪᠥᠭᠡᠳ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠵᠡᠢ᠃    ᠡᠭᠦᠨ ᠠᠴᠠ ᠭᠠᠳᠠᠨ᠎ᠠ᠂ ᠬᠢᠵᠢᠭ ᠤᠨ ᠪᠠᠶᠢᠳᠠᠯ ᠤᠨ ᠭᠡᠨᠡᠳᠲᠡ ᠶᠢᠨ ᠪᠠᠶᠢᠳᠠᠯ ᠢ ᠠᠷᠭᠠᠴᠠᠬᠤ ᠶᠢᠨ ᠲᠥᠯᠥᠭᠡ᠂ ᠡᠯ᠎ᠡ ᠨᠡᠶᠢᠭᠡᠮ ᠲᠣᠭᠤᠷᠢᠭ ᠤᠨ ᠬᠢᠨ ᠨᠢᠭᠡᠨᠲᠡ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠵᠢᠴᠢ ᠪᠥᠬᠦ ᠠᠵᠢᠯᠲᠠᠨ ᠤ ᠪᠥᠭᠡᠮ ᠬᠦᠴᠢᠯ ᠤᠨ ᠴᠤᠪᠤᠷᠠᠯ ᠵᠢᠷᠤᠭ ᠢ ᠲᠣᠭᠲᠠᠭᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号