ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ︽ᠳᠤᠮᠳᠠᠳᠤ ᠶᠢᠨ ᠰᠣᠶᠣᠯ ᠢ ᠣᠯᠠᠨ ᠢᠶᠠᠷ ᠢᠶᠠᠨ ᠰᠤᠷᠤᠯᠴᠠᠬᠤ︾ ᠠᠵᠢᠯᠯᠠᠭ᠎ᠠ ᠶᠢ ᠬᠥᠳᠡᠭᠡ ᠲᠣᠰᠬᠤᠨ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/4/25
    ᠳᠤᠮᠳᠠᠳᠤ ᠶᠢᠨ ᠰᠢᠯᠢᠳᠡᠭ ᠰᠣᠶᠣᠯ ᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤ ᠶᠢᠨ ᠬᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠷᠣᠨ ᠨᠤᠲᠤᠭ ᠤᠨ ᠣᠨᠴᠠᠯᠢᠭ ᠢ ᠲᠣᠪᠤᠶᠢᠯᠭᠠᠨ᠂ ᠦᠢᠯᠡᠳᠦᠯᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ ︽ᠤᠯᠠᠨ ᠠᠶ᠎ᠠ︾ ᠶᠢ ᠪᠦᠬᠦ ᠲᠠᠯ᠎ᠠ ᠪᠠᠷ ᠬᠥᠭᠵᠢᠮᠳᠡᠵᠦ᠂ ᠳᠤᠮᠳᠠᠳᠤ ᠶᠢᠨ ᠰᠣᠶᠣᠯ ᠤᠨ ᠰᠠᠶᠢᠬᠠᠨ ᠳᠠᠭᠤᠨ ᠢ ᠬᠠᠩᠭᠢᠨᠠᠭᠤᠯᠪᠠ᠃    ᠠᠯᠳᠠᠷ ᠰᠤᠮᠤ ᠶᠢᠨ ᠬᠠᠶᠢᠯᠠᠰᠤᠨ ᠭᠠᠴᠠᠭ᠎ᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ ᠰᠤᠷᠪᠤᠯᠵᠢᠯᠠᠭᠴᠢ ︽ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠨᠡᠶᠢᠭᠡᠮ ᠲᠣᠭᠤᠷᠢᠭ ᠲᠤ ᠰᠤᠷᠤᠯᠴᠠᠬᠤ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠬᠤ ᠶᠢ ᠣᠯᠵᠤ ᠬᠠᠷᠠᠵᠠᠢ᠃ ᠤᠷᠠᠨ ᠰᠠᠶᠢᠬᠠᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾᠂ ᠴᠠᠷᠭᠢᠯ ᠬᠤᠯᠪᠣᠭ᠎ᠠ ︽ᠳᠤᠮᠳᠠᠳᠤ ᠶᠢᠨ ᠰᠠᠶᠢᠨ ᠰᠠᠶᠢᠬᠠᠨ ᠶᠣᠰᠣ ᠰᠤᠷᠲᠠᠬᠤᠨ ᠢ ᠤᠯᠠᠮᠵᠢᠯᠠᠶ᠎ᠠ︾᠂ ᠳᠦᠷᠪᠡᠨ ᠤᠲᠠᠰᠤᠲᠤ ᠬᠤᠭᠤᠷ ︽ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ︾᠂ ᠡᠷᠲᠡᠨ ᠤ ᠶᠠᠲᠤᠭ᠎ᠠ ︽ᠥᠬᠢᠨ ᠤ ᠬᠠᠶᠢᠷ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠪᠦᠯᠬᠦᠮᠳᠡᠨ ᠲᠡᠮᠡᠴᠡᠵᠦ᠂  ᠬᠠᠮᠲᠤᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠠᠮᠢᠳᠤᠷᠠᠯ ᠢ ᠭᠦᠢᠴᠡᠳ ᠬᠠᠷᠠᠭᠤᠯᠵᠠᠢ᠃    ᠤᠷᠠᠨ ᠰᠠᠶᠢᠬᠠᠨ ᠤ ᠲᠣᠭᠯᠠᠯᠲᠠ ᠠᠴᠠ ᠭᠠᠳᠠᠨ᠎ᠠ ᠪᠠᠰᠠ ᠤᠷᠠᠨ ᠵᠢᠷᠤᠭ᠂ ᠤᠷᠠᠨ ᠪᠢᠴᠢᠯᠭᠡ᠂ ᠬᠠᠳᠬᠤᠮᠠᠯ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠦᠵᠡᠰᠬᠦᠯᠡᠩ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠵᠢᠴᠢ ᠲᠠᠯ᠎ᠠ ᠨᠤᠲᠤᠭ ᠤᠨ ᠨᠣᠮ ᠤᠨ ᠥᠷᠥᠭᠡᠨ ᠤ ᠰᠣᠩᠭᠤᠳᠠᠭ ᠨᠣᠮ ᠤᠩᠰᠢᠬᠤ ᠵᠡᠷᠭᠡ ᠠᠯᠢ ᠤᠯᠠᠨ ᠠᠵᠢᠯᠯᠠᠭ᠎ᠠ ᠶᠢ ᠲᠣᠬᠢᠷᠠᠭᠤᠯᠵᠠᠢ᠃   ᠮᠠᠯᠴᠢᠨ ᠲᠠᠷᠢᠶᠠᠴᠢᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢᠨ ᠲᠥᠯᠥᠭᠡ᠂ ᠠᠯᠳᠠᠷ ᠰᠤᠮᠤ ᠪᠠᠰᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠲᠠᠭᠤ ︽ᠤᠬᠠᠭᠤᠯᠭ᠎ᠠ︾ ᠶᠢᠨ ᠠᠷᠭ᠎ᠠ ᠮᠠᠶ᠋ᠢᠭ ᠢ ᠨᠠᠷᠢᠨ ᠨᠢᠮᠪᠠᠢ ᠲᠥᠯᠥᠪᠯᠡᠵᠦ᠂ ︽ᠲᠣᠰᠬᠤᠨ ᠪᠣᠯᠭᠠᠨ ᠳᠤ ᠴᠤᠤᠷᠢᠶᠠᠲᠤᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠤᠮᠤᠨ ᠤ 19 ᠭᠠᠴᠠᠭ᠎ᠠ ᠲᠣᠰᠬᠤᠨ ᠳᠤ᠂ ︽ᠲᠣᠰᠬᠤᠨ ᠪᠣᠯᠭᠠᠨ ᠤ ᠳᠠᠭᠤᠨ︾ ᠢ ᠠᠰᠢᠭᠯᠠᠨ ᠡᠳᠦᠷ ᠪᠦᠷᠢ ︽ᠲᠣᠮᠣ ᠮᠠᠯᠤᠷ ᠥᠲᠡᠭᠡ ᠠᠴᠠ ᠳᠤᠮᠳᠠᠳᠤ ᠶᠢᠨ ᠰᠣᠶᠣᠯ ᠢ ᠰᠤᠷᠤᠯᠴᠠᠬᠤ︾ ᠠᠭᠤᠯᠭ᠎ᠠ ᠶᠢ ᠨᠠᠪᠲᠠᠷᠡᠭᠦᠯᠵᠦ᠂ ᠬᠡᠪᠰᠢᠮᠡᠯ ᠬᠡᠯᠡᠯᠭᠡ  ᠶᠢᠨ ᠦᠯᠢᠭᠡᠷ᠂ ᠬᠤᠷᠢᠨ ᠳᠥᠷᠪᠡᠨ‌ᠤᠯᠠᠷᠢᠯ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠤᠯᠠᠮᠵᠢᠯᠠᠯᠲᠤ ᠭᠠᠷ ᠤᠷᠠᠯᠠᠯ ᠵᠡᠷᠭᠡ ᠮᠡᠳᠡᠯᠭᠡ  ᠶᠢ ᠬᠥᠳᠡᠭᠡ ᠲᠣᠰᠬᠤᠨ ᠤ ᠣᠯᠠᠨ ᠲᠦᠮᠡᠨ ᠤ ᠮᠡᠳᠡᠭᠡ ᠵᠠᠩᠭᠢ ᠣᠯᠬᠤ ᠳᠠᠳᠬᠠᠯ ᠳᠤ ᠲᠦᠷᠭᠡᠨ᠂ ᠰᠢᠭᠤᠳ᠂ ᠬᠢᠯᠪᠠᠷ᠂ ᠣᠶᠢᠯᠠᠭᠠᠮᠵᠢᠲᠠᠢ ᠪᠥᠭᠡᠳ ᠨᠡᠩ ᠲᠣᠬᠢᠷᠠᠮᠵᠢᠲᠠᠢ ᠬᠡᠯᠪᠡᠷᠢ ᠪᠠᠷ ᠮᠠᠯᠴᠢᠨ ᠲᠠᠷᠢᠶᠠᠴᠢᠨ ᠤ ᠰᠡᠳᠬᠢᠯ ᠳᠤ ᠳᠠᠮᠵᠢᠭᠤᠯᠵᠤ᠂ ᠪᠦᠷᠢᠶ᠎ᠡ  ᠶᠢᠨ ᠦᠢᠯᠡᠳᠦᠯ  ᠢ ᠶᠡᠭᠡ ᠪᠠᠷ ᠪᠠᠳᠠᠷᠠᠭᠤᠯᠵᠤ᠂ ᠳᠤᠮᠳᠠᠳᠤ  ᠶᠢᠨ ᠰᠣᠶᠣᠯ ᠤᠨ ︽ᠠᠶᠢᠯ ᠪᠣᠯᠭᠠᠨ ᠳᠤ ᠴᠤᠤᠷᠢᠶᠠᠲᠤᠵᠤ᠂ ᠡᠷᠦᠬᠡ ᠪᠣᠯᠭᠠᠨ ᠳᠤ ᠬᠦᠷᠴᠦ᠂ ᠬᠥᠮᠥᠨ ᠪᠦᠬᠦᠨ ᠳᠤ ᠮᠡᠳᠡᠭᠦᠯᠬᠦ︾ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号