ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ︽ᠤᠯᠤᠰ ᠲᠥᠷᠥ ᠶᠢᠨ ᠵᠥᠪᠯᠡᠯᠭᠡᠨ ᠤ ᠬᠢᠨ ᠨᠢᠭᠡ ᠭᠡᠷ  ᠪᠦᠯᠢ᠂ ᠭᠡᠰᠢᠭᠦᠳ ᠤᠨ ᠣᠶ ᠰᠢᠭᠤᠢ ᠶᠢ ᠬᠠᠮᠲᠤ ᠪᠠᠷ  ᠲᠠᠷᠢᠶ᠎ᠠ︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/4/25
   
    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠰᠡᠳᠬᠢᠯ ᠢᠶᠠᠨ ᠨᠢᠭᠡᠳᠬᠡᠬᠦ︾ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠡᠷᠬᠢᠲᠦ ᠪᠠᠯᠭᠠᠰᠤ ᠶᠢᠨ ᠯᠢᠦ ᠾᠧ ᠭᠠᠴᠠᠭ᠎ᠠ ᠶᠢ ᠬᠠᠪᠰᠤᠷᠤᠨ ᠲᠡᠳᠬᠦᠵᠦ᠂ ᠨᠢᠭᠡᠳᠦᠭᠡᠷ ᠤᠯᠠᠷᠢᠯ ᠤᠨ ︽ᠬᠠᠮᠲᠤ ᠠᠮᠢᠳᠤᠷᠠᠬᠤ ᠭᠡᠷ᠎ᠡ︾ ᠵᠢᠴᠢ ︽ᠤᠯᠤᠰ ᠲᠦᠷᠦ ᠶᠢᠨ ᠵᠥᠪᠯᠡᠯᠭᠡᠨ ᠤ ᠬᠢᠨ ᠨᠢᠭᠡ ᠭᠡᠷ  ᠪᠦᠯᠢ᠂ ᠭᠡᠰᠢᠭᠦᠳ ᠤᠨ ᠤᠢ ᠰᠢᠭᠤᠢ ᠶᠢ ᠬᠠᠮᠲᠤ ᠪᠠᠷ ᠳᠠᠷᠢᠬᠤ︾ ᠠᠵᠢᠯᠯᠠᠭ᠎ᠠ ᠶᠢ ᠥᠷᠨᠢᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠳᠡᠳ᠋ ᠲᠡᠷᠢᠭᠦᠯᠡᠭᠴᠢ ᠰᠦᠨ ᠵᠢᠢ ᠬᠤᠶ᠂ ᠴᠧᠨ ᠹᠧᠩ ᠬᠤᠸᠠ᠂ ᠵᠠᠩ ᠭᠦᠸᠧ ᠵᠢᠶᠦ᠋ᠨ᠂ ᠾᠧᠦ ᠬᠠᠢ ᠱᠠᠨ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠲᠠᠰ ᠤᠨ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷ ᠠᠵᠢᠯᠯᠠᠭ᠎ᠠ ᠳᠤ ᠣᠷᠣᠯᠴᠠᠵᠠᠢ᠃    ᠠᠵᠢᠯᠯᠠᠭᠠᠨ ᠤ ᠳᠤᠮᠳᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷᠴᠤᠳ ᠢ ᠳᠠᠶᠢᠴᠢᠯᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠂ ᠪᠣᠬᠢᠷᠳᠤᠯ ᠦᠭᠡᠢ ᠭᠡᠷ ᠣᠷᠣᠨ ᠢᠶᠠᠨ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠰᠠᠬᠢᠨ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠵᠦ᠂ ᠡᠨᠡ ᠬᠦ ᠪᠣᠬᠢᠷᠳᠤᠯ ᠦᠭᠡᠢ ᠪᠠᠶᠢᠳᠠᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠬᠤ ᠬᠡᠷᠡᠭᠲᠡᠢ ᠭᠡᠵᠡᠢ᠃    ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠬᠦᠷᠵᠡ ᠬᠤᠷᠤᠶᠢᠯᠠᠵᠤ ᠰᠢᠷᠣᠢ ᠬᠤᠰᠤᠵᠤ᠂ ᠤᠰᠤ ᠲᠠᠲᠠᠵᠤ ᠮᠤᠳᠤ ᠪᠠᠨ ᠤᠰᠤᠯᠠᠵᠤ᠂ ᠡᠷᠴᠢ ᠵᠣᠷᠢᠭ ᠲᠡᠭᠦᠯᠳᠡᠷ᠂ ᠶᠠᠭᠠᠷᠠᠯᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠨᠢᠭᠡ ᠦᠳᠡ ᠶᠢᠨ ᠡᠮᠦᠨ᠎ᠡ ᠶᠢᠨ ᠰᠢᠷᠭᠠᠭᠤ ᠬᠥᠳᠡᠯᠮᠦᠷᠢ ᠪᠠᠷ ᠳᠠᠮᠵᠢᠭᠠᠳ᠂ 169 ᠰᠠᠭᠤᠷᠢ ᠵᠢᠮᠢᠰ ᠤᠨ ᠮᠣᠳᠣ ᠰᠠᠯᠬᠢᠨ ᠤ ᠠᠶ᠎ᠠ ᠪᠠᠷ ᠰᠡᠬᠦᠶᠢᠨ ᠰᠦᠨᠳᠡᠷᠯᠡᠵᠦ᠂  ᠡᠷᠬᠢᠲᠦ ᠪᠠᠯᠭᠠᠰᠤᠨ ᠳᠤ ᠠᠮᠢᠵᠢᠷᠠᠯ ᠤᠨ ᠬᠦᠴᠦᠨ ᠢ ᠨᠡᠮᠡᠷᠢᠯᠡᠪᠡ᠃     ᠣᠶᠢᠯᠠᠭᠠᠭᠰᠠᠨ ᠢᠶᠠᠷ᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠶ︾ ᠨᠢ 169 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠥᠮᠥᠨ ᠪᠦᠷᠢ ᠨᠢᠭᠡ ᠵᠢᠮᠢᠰ ᠤᠨ ᠮᠣᠳᠣ ᠲᠠᠨᠢᠵᠤ ᠠᠪᠬᠤ ᠬᠡᠯᠪᠡᠷᠢ ᠪᠠᠷ ᠪᠦᠷᠢᠯᠳᠦᠵᠦ᠂ ᠵᠢᠮᠢᠰ ᠤᠨ ᠮᠣᠳᠣ ᠪᠣᠯᠭᠠᠨ ᠳᠤ ᠭᠡᠰᠢᠭᠦᠨ ᠤ ᠲᠤᠰᠬᠠᠢ ᠣᠪᠣᠭ ᠨᠡᠷ᠎ᠡ ᠶᠢᠨ ᠫᠠᠶᠢᠰᠠ ᠡᠯᠭᠦᠵᠦ᠂ ᠬᠤᠶᠢᠰᠢᠳᠠ ᠵᠢᠯ ᠪᠦᠷᠢ ᠶᠢᠨ ᠬᠠᠪᠤᠷ ᠤᠨ ᠤᠯᠠᠷᠢᠯ ᠳᠤ ᠮᠣᠳᠣ ᠳᠠᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠶ︾ ᠶᠢᠨ ᠶᠡᠷᠦᠩᠬᠡᠢ ᠲᠠᠯᠠᠪᠠᠶ ᠨᠢ 70 ᠭᠠᠷᠤᠢ ᠮᠦ ᠪᠠᠶᠢᠵᠤ᠂ 3500 ᠰᠠᠭᠤᠷᠢ ᠵᠢᠮᠢᠰ ᠤᠨ ᠮᠣᠳᠣ ᠳᠠᠷᠢᠵᠤ ᠪᠣᠯᠣᠨ᠎ᠠ᠃    ᠮᠣᠳᠣ ᠳᠠᠷᠢᠵᠤ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠡᠷᠬᠢᠲᠦ ᠪᠠᠯᠭᠠᠰᠤᠨ ᠤ ᠯᠢᠦ ᠾᠧ ᠭᠠᠴᠠᠭᠠᠨ ᠤ ᠬᠠᠷᠢᠭᠤᠴᠠᠯᠭᠠᠲᠠᠨ ᠲᠠᠢ ᠬᠠᠮᠲᠤ ᠪᠠᠷ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠶ︾ ᠶᠢᠨ ᠬᠥᠰᠢᠭᠡ ᠶᠢ ᠰᠡᠬᠦᠪᠡ᠃ ᠶᠤᠸᠠᠢ ᠰᠦᠩ ᠱᠠᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ︽ᠬᠠᠮᠲᠤ ᠠᠮᠢᠳᠤᠷᠠᠬᠤ ᠭᠡᠷ᠎ᠡ︾ ᠨᠢ ᠠᠯᠢ ᠣᠯᠠᠨ ᠠᠵᠢᠯᠯᠠᠭ᠎ᠠ ᠪᠠᠷ ᠳᠡᠮᠵᠢᠵᠦ᠂ ᠭᠡᠰᠢᠭᠦᠳ ᠢ ᠬᠠᠯᠠᠮᠵᠢᠯᠠᠨ ᠬᠠᠶᠢᠷᠠᠯᠠᠵᠤ ᠨᠢᠭᠲᠠᠷᠠᠭᠤᠯᠤᠨ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠢᠶᠠᠯᠠᠪᠤᠷᠢ ᠶᠢ ᠥᠷᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠪᠠᠶᠠᠯᠢᠭᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠤᠭ ᠵᠢᠪᠬᠤᠭ᠎ᠠ ᠶᠢ ᠢᠯᠡᠷᠡᠭᠦᠯᠵᠦ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠴᠢᠩᠭᠠᠳᠬᠠᠵᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠡᠳᠬᠢᠯᠭᠡ ᠶᠢ ᠪᠠᠲᠤ ᠰᠠᠬᠢᠵᠤ᠂ ᠠᠵᠢᠯ ᠦᠢᠯᠡᠰ ᠢᠶᠠᠨ ᠰᠡᠳᠬᠢᠯ ᠠᠮᠤᠷ ᠪᠠᠶᠢᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠥᠷᠥ ᠶᠢᠨ ᠡᠭᠦᠷᠭᠡᠯᠡᠯ ᠢ ᠢᠯᠡᠷᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠪᠠᠲᠤᠯᠠᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号