ᠴᠡᠷᠢᠭ ᠤᠨ ᠠᠯᠪᠠᠨ ᠠᠴᠠ ᠬᠠᠯᠠᠭᠳᠠᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠢᠴᠢ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/10
    【ᠰᠤᠷᠪᠤᠯᠵᠢᠯᠠᠨ ᠶᠠᠷᠢᠯᠴᠠᠭᠰᠠᠨ ᠴᠠᠭ】 2022 ᠣᠨ ᠤ 4 ᠰᠠᠷ᠎ᠠ ᠶᠢᠨ 15 ᠤ ᠡᠳᠦᠷ    【 ᠰᠣᠷᠪᠤᠯᠵᠢᠯᠠᠭ᠎ᠠ ᠶᠢᠨ ᠬᠦᠨᠳᠦᠲᠦ ᠵᠣᠴᠢᠨ】 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ ᠮᠠᠭᠲᠠᠨ ᠰᠠᠶᠢᠰᠢᠶᠠᠬᠤ ᠲᠠᠰᠤᠭ ᠤᠨ ᠳᠠᠷᠤᠭ᠎ᠠ ᠸᠠᠩ ᠴᠢᠦ ᠰᠢᠶᠠᠩ    【ᠭᠤᠣᠯ ᠰᠠᠨᠠᠭᠤᠯᠤᠮᠵᠢ】      ᠬᠠᠷᠠᠭᠠᠯᠵᠠᠯ ᠤᠨ ᠦᠨᠡᠮᠯᠡᠯ ᠨᠢ ᠦᠨᠡᠮᠯᠡᠯ ᠠᠪᠴᠤ ᠪᠠᠶᠢᠭ᠎ᠠ ᠬᠥᠮᠥᠨ ᠤ ᠢᠷᠠᠭᠤ ᠠᠯᠳᠠᠷ ᠢᠶᠠᠨ ᠢᠯᠡᠷᠡᠭᠦᠯᠬᠦ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠬᠠᠷᠠᠭᠠᠯᠵᠠᠯ ᠭᠥᠷᠳᠡᠬᠦ ᠭᠡᠷᠡᠴᠢ ᠪᠠᠷᠢᠮᠲᠠ ᠪᠣᠯᠤᠭᠰᠠᠨ ᠤ ᠬᠤᠪᠢ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ  ᠠᠴᠠ ᠨᠢᠭᠡᠳᠦᠯᠲᠡᠢ ᠦᠢᠯᠡᠳᠦᠨ ᠲᠠᠷᠬᠠᠭᠠᠵᠤ᠂ ᠨᠠᠮ ᠪᠠ ᠵᠠᠰᠠᠭ ᠤᠨ ᠣᠷᠳᠣᠨ  ᠠᠴᠠ ᠥᠷᠭᠡᠨ ᠣᠯᠠᠨ ᠴᠡᠷᠢᠭ ᠤᠨ ᠠᠯᠪᠠᠨ  ᠠᠴᠠ ᠬᠠᠯᠠᠭᠳᠠᠭᠰᠠᠳ᠂ ᠪᠤᠰᠤᠳ ᠬᠠᠷᠠᠭᠠᠯᠵᠠᠯ ᠭᠥᠷᠳᠡᠬᠦ ᠡᠲᠡᠭᠡᠳ  ᠢ ᠬᠠᠯᠠᠮᠵᠢᠯᠠᠨ ᠬᠠᠶᠢᠷᠠᠯᠠᠵᠤ ᠪᠠᠶᠢᠬᠤ  ᠶᠢ ᠭᠦᠢᠴᠡᠳ ᠬᠠᠷᠠᠭᠤᠯᠤᠭᠰᠠᠨ ᠪᠠᠶᠢᠨ᠎ᠠ᠃    【ᠰᠣᠷᠪᠤᠯᠵᠢᠯᠠᠭ᠎ᠠ ᠶᠢᠨ ᠠᠭᠤᠯᠭ᠎ᠠ】 ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ      ᠰᠤᠷᠪᠤᠯᠵᠢᠯᠠᠭᠴᠢ᠄ ᠬᠠᠷᠠᠭᠠᠯᠵᠠᠯ ᠤᠨ ᠦᠨᠡᠮᠯᠡᠯ ᠠᠪᠬᠤ ᠪᠠᠷ ᠭᠤᠶᠤᠴᠢᠯᠠᠬᠤ ᠬᠥᠮᠥᠨ ᠤ ᠬᠡᠪᠴᠢᠶ᠎ᠡ ᠨᠢ ᠶᠠᠭᠤ ᠶᠠᠭᠤ ᠪᠠᠶᠢᠬᠤ ᠪᠤᠶ ︖      ᠸᠠᠩ ᠴᠢᠦ ᠰᠢᠶᠠᠩ᠄ ᠭᠤᠶᠤᠴᠢᠯᠠᠭᠳᠠᠬᠤ ᠡᠲᠡᠭᠡᠳ ᠨᠢ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠳ ᠪᠤᠶᠤ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠪᠣᠯᠣᠨ᠎ᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠭᠡᠳᠡᠭ ᠨᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠠᠴᠠ ᠬᠠᠤᠯᠢ ᠶᠣᠰᠣᠭᠠᠷ ᠵᠢᠩᠬᠢᠨᠢ ᠠᠯᠪᠠᠨ ᠠᠴᠠ ᠬᠠᠯᠠᠭᠳᠠᠭᠰᠠᠳ ᠣᠹᠢᠼᠧᠷ᠂ ᠲᠦᠷᠦᠭᠦᠴᠢ ᠪᠠ ᠠᠯᠪᠠᠨ ᠵᠢᠷᠤᠮ ᠤᠨ ᠴᠡᠷᠢᠭ ᠵᠡᠷᠭᠡ ᠬᠥᠮᠥᠰ ᠢ ᠵᠢᠭᠠᠵᠤ ᠪᠠᠶᠢᠨ᠎ᠠ᠂ ᠡᠭᠦᠨ ᠳᠤ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠠᠤᠯᠢ ᠶᠣᠰᠣᠭᠠᠷ ᠵᠢᠩᠬᠢᠨᠢ ᠠᠯᠪᠠᠨ ᠠᠴᠠ ᠪᠠᠭᠤᠭᠰᠠᠨ ᠴᠠᠭᠳᠠᠭᠠᠨ ᠳᠠᠷᠤᠭ᠎ᠠ᠂ ᠴᠠᠭᠳᠠᠭᠠᠨ ᠲᠦᠷᠦᠭᠦᠴᠢ ᠪᠠ ᠠᠯᠪᠠᠨ ᠵᠢᠷᠤᠮ ᠤᠨ ᠴᠡᠷᠢᠭ ᠵᠡᠷᠭᠡ ᠬᠥᠮᠥᠰ ᠪᠠᠭᠲᠠᠨ᠎ᠠ᠃ ᠨᠥᠭᠴᠢᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠬᠥᠮᠥᠨ ᠤ ᠭᠡᠷ ᠪᠦᠯᠢ ᠭᠡᠳᠡᠭ ᠨᠢ ᠨᠥᠭᠴᠢᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠬᠥᠮᠥᠨ ᠤ ᠬᠤᠯᠪᠣᠰᠤ᠂ ᠡᠴᠢᠭᠡ ᠡᠬᠡ ︵ᠠᠰᠠᠷᠠᠨ ᠲᠡᠵᠢᠭᠡᠭᠴᠢ︶᠂ ᠦᠷ᠎ᠡ ᠬᠡᠦᠬᠡᠳ ᠵᠢᠴᠢ ᠲᠡᠭᠦᠨ ᠤ ᠠᠰᠠᠷᠠᠨ ᠲᠡᠵᠢᠭᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠠᠬ᠎ᠠ ᠳᠡᠭᠦᠦ ᠡᠭᠡᠴᠢ ᠥᠬᠢᠨ ᠳᠡᠭᠦᠦ ᠵᠡᠷᠭᠡ ᠶᠢ ᠵᠢᠭᠠᠵᠤ ᠪᠠᠶᠢᠨ᠎ᠠ᠃      ᠰᠤᠷᠪᠤᠯᠵᠢᠯᠠᠭᠴᠢ᠄ ᠭᠤᠶᠤᠴᠢᠯᠠᠨ ᠠᠪᠬᠤ ᠳᠤ ᠶᠠᠮᠠᠷ ᠶᠠᠮᠠᠷ ᠠᠷᠭ᠎ᠠ ᠬᠡᠯᠪᠡᠷᠢ ᠪᠠᠶᠢᠬᠤ ᠪᠤᠶ ︖      ᠸᠠᠩ ᠴᠢᠦ ᠰᠢᠶᠠᠩ᠄ ᠭᠤᠷᠪᠠᠨ ᠵᠦᠢᠯ ᠪᠠᠶᠢᠨ᠎ᠠ᠃  ᠨᠢᠭᠡ ᠳᠤ ᠲᠤᠬᠠᠢ ᠶᠢᠨ ᠲᠠᠯᠠᠪᠤᠷ ᠲᠤ ᠭᠤᠶᠤᠴᠢᠯᠠᠯ ᠭᠠᠷᠭᠠᠨ᠎ᠠ᠂ ᠬᠤᠶᠠᠷ ᠲᠤ ᠰᠦᠯᠵᠢᠶᠡᠨ ᠳᠡᠭᠡᠷ᠎ᠡ ᠭᠤᠶᠤᠴᠢᠯᠠᠯ ᠭᠠᠷᠭᠠᠨ᠎ᠠ᠂ ᠭᠤᠷᠪᠠ ᠳᠤ ᠬᠥᠳᠡᠯᠵᠦ ᠪᠠᠷᠢᠬᠤ ᠳᠤ ᠳᠥᠭᠦᠮ ᠦᠭᠡᠢ ᠶᠢ ᠨᠢ ᠡᠷᠦᠭᠡ ᠳᠤ ᠣᠷᠣᠵᠤ ᠭᠤᠶᠤᠴᠢᠯᠠᠨ ᠰᠢᠢᠳᠪᠦᠷᠢᠯᠡᠵᠦ ᠪᠣᠯᠣᠨ᠎ᠠ᠃      ᠰᠤᠷᠪᠤᠯᠵᠢᠯᠠᠭᠴᠢ᠄ ᠬᠠᠷᠠᠭᠠᠯᠵᠠᠯ ᠤᠨ ᠦᠨᠡᠮᠯᠡᠯ ᠠᠪᠬᠤ ᠳᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ ᠪᠣᠶ︖      ᠸᠠᠩ ᠴᠢᠦ ᠰᠢᠶᠠᠩ᠄ ᠳᠡᠩᠰᠡᠯᠡᠨ ᠺᠠᠷᠲᠯᠠᠭᠰᠠᠨ ᠮᠡᠳᠡᠭᠡ ᠵᠠᠩᠭᠢ ᠪᠠᠷ ᠪᠦᠷᠢᠨ ᠲᠡᠭᠦᠯᠳᠡᠷ ᠭᠤᠶᠤᠴᠢᠯᠠᠭᠴᠢ ᠶᠢᠨ ᠬᠠᠩᠭᠠᠬᠤ ᠴᠢᠬᠤᠯᠠᠲᠠᠢ ᠮᠠᠲ᠋ᠧᠷᠢᠶᠠᠯ ᠳᠤ ᠪᠡᠶ᠎ᠡ ᠶᠢᠨ ᠦᠨᠡᠮᠯᠡᠯ᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷ ᠲᠠᠢ ᠢᠮᠠᠬᠤ ᠡᠯᠧᠺᠲᠷᠣᠨ ᠦᠨᠡᠮᠯᠡᠯ ᠤᠨ ᠬᠡᠷᠡᠯ ᠵᠢᠷᠤᠭ ︵ᠰᠢᠶᠠᠩ ᠪᠠᠯᠭᠠᠰᠤᠨ ᠤ ᠦᠢᠯᠡᠴᠢᠯᠡᠭᠡᠨ ᠤ ᠥᠷᠲᠡᠭᠡ ᠠᠴᠠ ᠲᠤᠬᠠᠢ ᠶᠢᠨ ᠲᠠᠯᠠᠪᠤᠷ ᠲᠤ ᠴᠤᠭᠯᠠᠭᠤᠯᠤᠨ᠎ᠠ︶ ᠪᠠᠶᠢᠨ᠎ᠠ᠃ ᠳᠡᠩᠰᠡᠯᠡᠨ ᠺᠠᠷᠲᠯᠠᠭᠰᠠᠨ ᠮᠡᠳᠡᠭᠡ ᠵᠠᠩᠭᠢ ᠨᠢ ᠲᠡᠭᠦᠯᠳᠡᠷ ᠪᠤᠰᠤ ᠪᠠᠶᠢᠪᠠᠯ ᠤᠷᠢᠳ ᠢᠶᠠᠷ ᠮᠡᠳᠡᠭᠡ ᠵᠠᠩᠭᠢ ᠪᠠᠨ ᠲᠡᠭᠦᠯᠳᠡᠷᠵᠢᠭᠦᠯᠵᠦ᠂ ᠳᠠᠷᠠᠭ᠎ᠠ ᠨᠢ ᠬᠠᠷᠠᠭᠠᠯᠵᠠᠯ ᠤᠨ ᠦᠨᠡᠮᠯᠡᠯ ᠢ ᠭᠦᠢᠴᠡᠳᠬᠡᠨ᠎ᠡ᠃      ᠰᠤᠷᠪᠤᠯᠵᠢᠯᠠᠭᠴᠢ᠄ ᠬᠠᠮᠢᠭ᠎ᠠ ᠣᠴᠢᠵᠤ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠪᠣᠶ︖      ᠸᠠᠩ ᠴᠢᠦ ᠰᠢᠶᠠᠩ᠄ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ᠵᠠᠷᠴᠢᠮ ᠳᠡᠭᠡᠷ᠎ᠡ ᠪᠠᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠠᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠬᠡᠷᠡᠭᠲᠡᠢ᠃ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠪᠠᠶᠢᠩᠭᠤ ᠰᠠᠭᠤᠭ᠎ᠠ ᠦᠭᠡᠢ ᠪᠠᠶᠢᠪᠠᠯ᠂ ᠪᠠᠶᠢᠩᠭᠤ ᠰᠠᠭᠤᠭ᠎ᠠ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠤᠨ ᠠᠯᠪᠠᠨ  ᠠᠴᠠ ᠪᠠᠭᠤᠭᠰᠠᠳ ᠤᠨ ᠦᠢᠯᠡᠴᠢᠯᠡᠭᠡᠨ ᠤ ᠥᠷᠲᠡᠭᠡ ᠠᠴᠠ ᠬᠠᠷᠠᠭᠠᠯᠵᠠᠯ ᠤᠨ ᠦᠨᠡᠮᠯᠡᠯ ᠭᠤᠶᠤᠴᠢᠯᠠᠵᠤ ᠪᠣᠯᠣᠨ᠎ᠠ᠃     ᠰᠤᠷᠪᠤᠯᠵᠢᠯᠠᠭᠴᠢ᠄ ᠠᠯᠢ ᠰᠠᠯᠠᠭ᠎ᠠ ᠮᠥᠴᠢᠷ ᠠᠴᠠ ᠬᠠᠷᠠᠭᠠᠯᠵᠠᠯ ᠤᠨ ᠦᠨᠡᠮᠯᠡᠯ ᠬᠦᠷᠭᠡᠬᠦ ᠶᠢ ᠬᠠᠷᠢᠭᠤᠴᠠᠬᠤ ᠪᠣᠶ︖     ᠸᠠᠩ ᠴᠢᠦ ᠰᠢᠶᠠᠩ᠄ ᠭᠤᠶᠤᠴᠢᠯᠠᠯ ᠢ ᠭᠥᠯᠢᠶᠡᠨ ᠠᠪᠤᠭᠰᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠬᠠᠷᠠᠭᠠᠯᠵᠠᠯ ᠤᠨ ᠦᠨᠡᠮᠯᠡᠯ ᠢ ᠣᠯᠣᠭᠰᠠᠨ ᠤ ᠳᠠᠷᠠᠭ᠎ᠠ᠂ 10 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠲᠠᠢ ᠵᠣᠯᠭᠠᠭᠤᠯᠵᠤ᠂ ᠰᠠᠨᠠᠭᠠᠴᠢᠯᠠᠭ᠎ᠠ  ᠠᠴᠠ ᠪᠠᠨ ᠬᠦᠷᠭᠡᠬᠦ᠂ ᠬᠠᠮᠲᠤ ᠨᠡᠶᠢᠲᠡ ᠠᠴᠠ ᠣᠯᠭᠤᠬᠤ ᠵᠢᠴᠢ ᠬᠤᠶᠠᠷ ᠲᠠᠯ᠎ᠠ ᠪᠠᠷ ᠢᠶᠠᠨ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠤᠭᠴᠢ ᠪᠤᠶᠤ ᠨᠠᠶᠢᠳᠠᠭᠴᠢ ᠳᠤ ᠴᠠᠭ ᠲᠤᠬᠠᠢ ᠳᠤᠨᠢ ᠬᠦᠷᠭᠡᠵᠦ ᠥᠭᠭᠦᠨ᠎ᠡ᠃     ᠰᠤᠷᠪᠤᠯᠵᠢᠯᠠᠭᠴᠢ᠄ ᠬᠠᠷᠠᠭᠠᠯᠵᠠᠯ ᠤᠨ ᠦᠨᠡᠮᠯᠡᠯ ᠭᠤᠶᠤᠴᠢᠯᠠᠬᠤ ᠳᠤ  ᠰᠦᠢᠳᠬᠡᠯ ᠬᠤᠷᠢᠶᠠᠬᠤ ᠦᠦ︖     ᠸᠠᠩ ᠴᠢᠦ ᠰᠢᠶᠠᠩ᠄ ᠠᠩᠬ᠎ᠠ ᠤᠳᠠᠭ᠎ᠠ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠳᠤ ᠰᠦᠢᠳᠬᠡᠯ ᠬᠤᠷᠢᠶᠠᠬᠤ ᠦᠭᠡᠢ᠃ ᠬᠠᠷᠠᠭᠠᠯᠵᠠᠯ ᠤᠨ ᠦᠨᠡᠮᠯᠡᠯ ᠤᠨ ᠺᠠᠷᠲ ᠢ ᠭᠡᠭᠡᠭᠰᠡᠨ᠂ ᠵᠣᠷᠢᠭᠤᠳᠠ ᠡᠪᠳᠡᠭᠰᠡᠨ᠂ ᠬᠤᠭᠤᠴᠠᠭ᠎ᠠ ᠬᠡᠲᠦᠷᠡᠲᠡᠯ᠎ᠡ ᠠᠪᠤᠭᠰᠠᠨ ᠦᠭᠡᠢ ᠵᠡᠷᠭᠡ ᠠᠴᠠ ᠪᠣᠯᠵᠤ ᠨᠥᠬᠦᠵᠦ ᠠᠪᠬᠤ ᠪᠤᠶᠤ ᠰᠣᠯᠢᠬᠤ ᠴᠢᠬᠤᠯᠠ ᠲᠠᠢ ᠪᠣᠯ᠂ ᠬᠠᠮᠢᠶ᠎ᠠ ᠪᠦᠬᠦᠢ ᠵᠠᠷᠤᠳᠠᠯ ᠢ ᠦᠨᠡᠮᠯᠡᠯ ᠦᠶᠯᠡᠳᠬᠦ ᠪᠠᠩᠬᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠰᠤᠷᠪᠤᠯᠵᠢᠯᠠᠭᠴᠢ᠄ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠪᠣᠯᠣᠨ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠦᠨᠡᠮᠯᠡᠯ ᠨᠢ ᠴᠢᠳᠠᠮᠵᠢ ᠶᠢᠨ ᠲᠠᠯ᠎ᠠ ᠪᠠᠷ ᠢᠯᠭᠠᠭ᠎ᠠ ᠲᠠᠢ ᠦᠦ︖      ᠸᠠᠩ ᠴᠢᠦ ᠰᠢᠶᠠᠩ᠄ ᠬᠤᠶᠠᠷ ᠵᠦᠢᠯ ᠤᠨ ᠬᠠᠷᠠᠭᠠᠯᠵᠠᠯ ᠤᠨ ᠦᠨᠡᠮᠯᠡᠯ ᠨᠢ ᠴᠢᠳᠠᠮᠵᠢ ᠶᠢᠨ ᠲᠠᠯ᠎ᠠ ᠪᠠᠷ ᠢᠯᠭᠠᠭ᠎ᠠ ᠦᠭᠡᠢ᠂ ᠴᠥᠮ ᠦᠨᠡᠮᠯᠡᠯ ᠠᠪᠴᠤ ᠪᠠᠶᠢᠭ᠎ᠠ ᠬᠥᠮᠥᠨ ᠤ ᠢᠷᠠᠭᠤ ᠠᠯᠳᠠᠷ ᠢᠶᠠᠨ ᠢᠯᠡᠷᠡᠭᠦᠯᠬᠦ ᠠᠴᠢᠶᠠᠯᠠᠭᠴᠢ ᠂ ᠬᠠᠷᠠᠭᠠᠯᠵᠠᠯ ᠭᠥᠷᠳᠡᠬᠦ ᠭᠡᠷᠡᠴᠢ ᠪᠠᠷᠢᠮᠲᠠ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠴᠡᠷᠢᠭ ᠠᠴᠠ ᠬᠠᠯᠠᠭᠳᠠᠭᠰᠠᠳ ᠤᠨ ᠤᠯᠤᠰ ᠲᠥᠷᠥ᠂ ᠠᠮᠢᠳᠤᠷᠠᠯ ᠵᠡᠷᠭᠡ ᠶᠢᠨ ᠣᠯᠭᠤᠮᠵᠢ ᠶᠢ ᠵᠢᠩᠬᠢᠨᠢ ᠠᠯᠪᠠ ᠬᠠᠭᠠᠵᠤ ᠪᠠᠶᠢᠭᠰᠠᠨ ᠬᠤᠭᠤᠴᠠᠭᠠᠨ ᠳᠤ ᠦᠵᠡᠭᠦᠯᠦᠭᠰᠡᠨ ᠬᠤᠪᠢ ᠨᠡᠮᠡᠷᠢ ᠲᠠᠢ ᠨᠢ ᠬᠤᠯᠪᠣᠭᠳᠠᠭᠤᠯᠵᠤ᠂ ᠬᠠᠷᠠᠭᠠᠯᠵᠠᠯ ᠤᠨ ᠦᠨᠡᠮᠯᠡᠯ ᠲᠠᠢ ᠴᠡᠷᠢᠭ ᠠᠴᠠ ᠬᠠᠯᠠᠭᠳᠠᠭᠰᠠᠳ᠂ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠭᠥᠷᠳᠡᠬᠦ ᠬᠠᠷᠠᠭᠠᠯᠵᠠᠯ ᠤᠨ ᠦᠢᠯᠡᠴᠢᠯᠡᠭᠡ ᠶᠢ ᠬᠤᠪᠢ ᠨᠡᠮᠡᠷᠢ ᠶᠢᠨ ᠬᠢᠨᠢ ᠠᠳᠠᠯᠢ ᠪᠤᠰᠤ ᠶᠢ ᠦᠨᠳᠦᠰᠦᠯᠡᠨ ᠢᠯᠭᠠᠨ᠎ᠠ᠃      ᠰᠤᠷᠪᠤᠯᠵᠢᠯᠠᠭᠴᠢ᠄ ᠬᠠᠷᠠᠭᠠᠯᠵᠠᠯ ᠤᠨ ᠦᠨᠡᠮᠯᠡᠯ ᠢᠶᠠᠷ ᠢᠶᠠᠨ ᠶᠠᠮᠠᠷ ᠶᠠᠮᠠᠷ ᠬᠠᠷᠠᠭᠠᠯᠵᠠᠯ  ᠢ ᠬᠦᠷᠲᠡᠵᠦ ᠪᠣᠯᠬᠤ ᠪᠤᠶ ︖      ᠸᠠᠩ ᠴᠢᠦ ᠰᠢᠶᠠᠩ᠄ ᠣᠳᠣᠬᠠᠨ ᠳᠤ᠂ ᠦᠨᠡᠮᠯᠡᠯ ᠠᠪᠴᠤ ᠪᠠᠶᠢᠭ᠎ᠠ ᠬᠥᠮᠥᠨ ᠬᠠᠷᠠᠭᠠᠯᠵᠠᠯ ᠤᠨ ᠦᠨᠡᠮᠯᠡᠯ ᠢᠶᠠᠷ ᠢᠶᠠᠨ ᠳᠥᠷᠪᠡᠨ ᠲᠠᠯ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠄ ᠨᠢᠭᠡ ᠳᠤ᠂ ᠤᠯᠤᠰ ᠠᠴᠠ ᠬᠠᠩᠭᠠᠭᠰᠠᠨ ᠪᠥᠬᠦ ᠤᠯᠤᠰ ᠤᠨ ᠦᠨᠡᠮᠯᠡᠯ ᠠᠪᠴᠤ ᠪᠠᠶᠢᠭ᠎ᠠ ᠬᠥᠮᠥᠨ ᠳᠤ ᠬᠠᠨᠳᠤᠭᠤᠯᠤᠭᠰᠠᠨ ᠬᠠᠷᠠᠭᠠᠯᠵᠠᠯ ᠤᠨ ᠦᠢᠯᠡᠴᠢᠯᠡᠭᠡ ᠪᠣᠯᠣᠨ᠎ᠠ᠂ ᠡᠭᠦᠨ ᠳᠤ ᠭᠤᠣᠯᠳᠠᠭᠤ ︽ᠴᠡᠷᠢᠭ ᠤᠨ ᠠᠯᠪᠠᠨ  ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠵᠡᠷᠭᠡ 20 ᠰᠠᠯᠠᠭ᠎ᠠ ᠮᠥᠴᠢᠷ ᠤᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠠᠷᠠᠭᠠᠯᠵᠠᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ᠵᠢᠴᠢ ᠬᠠᠷᠠᠭᠠᠯᠵᠠᠯ ᠤᠨ ᠭᠠᠷᠴᠠᠭ ᠤᠨ ᠲᠣᠳᠣᠷᠬᠠᠢ ᠬᠠᠭᠤᠳᠠᠰᠤᠨ ᠳᠤ ᠲᠣᠳᠣᠷᠬᠠᠢ ᠲᠣᠭᠲᠠᠭᠠᠭᠰᠠᠨ ᠬᠠᠷᠠᠭᠠᠯᠵᠠᠯ ᠤᠨ ᠦᠨᠡᠮᠯᠡᠯ ᠢ ᠬᠡᠷᠡᠭᠯᠡᠵᠦ ᠪᠣᠯᠬᠤ ᠬᠠᠷᠠᠭᠠᠯᠵᠠᠯ ᠤᠨ ᠦᠢᠯᠡᠴᠢᠯᠡᠭᠡ ᠬᠠᠩᠭᠠᠨ᠎ᠠ᠃ ᠬᠤᠶᠠᠷ ᠲᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠪᠣᠯᠣᠨ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠨᠢᠭᠡᠴᠡ ᠶᠢᠨ ᠭᠠᠷ ᠤᠨ ᠥᠰᠥᠭ ᠵᠢᠷᠤᠭᠰᠠᠨ ᠡᠯ᠎ᠡ ᠬᠠᠷᠠᠭᠠᠯᠵᠠᠯ ᠤᠨ ᠲᠥᠷᠥᠯ ᠤᠨ ᠵᠥᠪᠯᠡᠯᠴᠡᠭᠡᠷ ᠲᠤ ᠬᠤᠯᠪᠣᠭᠳᠠᠭᠰᠠᠨ ᠦᠢᠯᠡᠴᠢᠯᠡᠭᠡ᠃ ᠭᠤᠷᠪᠠ ᠳᠤ᠂ ᠡᠯ᠎ᠡ ᠭᠠᠵᠠᠷ ᠤᠨ ᠬᠠᠩᠭᠠᠭᠰᠠᠨ ᠲᠣᠰ ᠭᠠᠵᠠᠷ ᠣᠷᠣᠨ ᠪᠤᠶᠤ ᠪᠥᠬᠦ ᠤᠯᠤᠰ ᠤᠨ ᠦᠨᠡᠮᠯᠡᠯ ᠭᠠᠷᠳᠠᠭᠴᠢ ᠳᠤ ᠬᠠᠨᠳᠤᠭᠤᠯᠤᠭᠰᠠᠨ ᠬᠠᠷᠠᠭᠠᠯᠵᠠᠯ ᠤᠨ ᠦᠢᠯᠡᠴᠢᠯᠡᠭᠡ᠃ ᠳᠥᠷᠪᠡ ᠳᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠭᠠᠴᠢᠯᠠᠭ᠎ᠠ ᠠᠴᠠ ᠪᠠᠨ ᠬᠠᠩᠭᠠᠭᠰᠠᠨ ᠬᠠᠷᠠᠭᠠᠯᠵᠠᠯ ᠤᠨ ᠦᠢᠯᠡᠴᠢᠯᠡᠭᠡ᠃ ᠬᠠᠷᠠᠭᠠᠯᠵᠠᠯ ᠤᠨ ᠦᠨᠡᠮᠯᠡᠯ ᠢᠶᠠᠷ ᠢᠶᠠᠨ ᠡᠳ᠋ᠯᠡᠬᠦ ᠬᠠᠷᠠᠭᠠᠯᠵᠠᠯ ᠤᠨ ᠦᠢᠯᠡᠴᠢᠯᠡᠭᠡ ᠶᠢ ᠤᠯᠤᠰ ᠪᠠ ᠡᠯ᠎ᠡ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠵᠣᠬᠢᠴᠠᠭᠤᠯᠬᠤ ᠶᠢᠨ ᠬᠠᠮᠲᠤ ᠠᠯᠬᠤᠮ ᠠᠯᠬᠤᠮ ᠢᠶᠠᠷ ᠥᠷᠭᠡᠳᠬᠡᠬᠦ ᠪᠣᠯᠣᠨ᠎ᠠ᠃     ᠰᠤᠷᠪᠤᠯᠵᠢᠯᠠᠭᠴᠢ᠄ ᠲᠣᠰ ᠤᠳᠠᠭᠠᠨ ᠤ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠠᠵᠢᠯ ᠤᠨ ᠡᠬᠢᠯᠡᠬᠦ ᠪᠠ ᠳᠠᠭᠤᠰᠬᠤ ᠴᠠᠭ ᠨᠢ ᠬᠡᠵᠢᠶ᠎ᠡ ᠪᠣᠶ︖      ᠸᠠᠩ ᠴᠢᠦ ᠰᠢᠶᠠᠩ᠄ ᠲᠣᠰ ᠤᠳᠠᠭ᠎ᠠ ᠶᠢᠨ ᠲᠥᠪᠯᠡᠷᠡᠭᠦᠯᠦᠨ ᠭᠦᠢᠴᠡᠳᠬᠡᠬᠦ ᠴᠠᠭ ᠨᠢ 2022 ᠣᠨ ᠤ 4 ᠰᠠᠷ᠎ᠠ ᠶᠢᠨ ᠳᠤᠮᠳᠠᠴᠢ ᠠᠴᠠ 2022 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠤᠨ᠎ᠠ᠂ ᠰᠡᠭᠦᠯᠴᠢ ᠶᠢᠨ ᠬᠤᠭᠤᠴᠠᠭ᠎ᠠ ᠶᠢ ᠪᠠᠶᠢᠩᠭᠤᠵᠢᠭᠤᠯᠬᠤ ᠠᠵᠢᠯ ᠪᠣᠯᠭᠠᠨ ᠶᠠᠪᠤᠭᠳᠠᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号