ᠰᠦᠨ ᠱᠤ᠋ ᠲᠤᠸ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/10
    2022051008462321178.jpg
    5 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠬᠡᠰᠡᠭ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ ᠤᠯᠠᠮᠵᠢᠯᠠᠯᠲᠤ ᠴᠠᠭᠠᠨ ᠢᠳᠡᠭᠡᠨ ᠤ ᠰᠦ ᠶᠢᠨ ᠢᠷᠡᠯᠲᠡ ᠶᠢ ᠬᠠᠩᠭᠠᠬᠤ᠂ ᠦᠢᠯᠡᠳᠪᠦᠷᠢᠯᠡᠵᠦ ᠡᠳ᠋ᠰᠢᠭᠦᠯᠬᠦ᠂  ᠲᠤᠨᠤᠭ ᠲᠥᠬᠦᠭᠡᠷᠦᠮᠵᠢ ᠶᠢ ᠥᠭᠡᠷᠡᠴᠢᠯᠡᠬᠦ᠂ ᠰᠢᠯᠭᠠᠨ ᠪᠠᠶᠢᠴᠠᠭᠠᠬᠤ ᠴᠢᠳᠠᠪᠤᠷᠢ᠂ ᠪᠣᠷᠤᠯᠠᠭᠤᠯᠭ᠎ᠠ ᠶᠢᠨ ᠠᠷᠭ᠎ᠠ ᠵᠠᠮ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃    ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭᠠᠨ ᠢᠳᠡᠭᠡᠨ ᠤ ᠠᠵᠤ ᠦᠢᠯᠡᠰ ᠢ ᠶᠡᠬᠡᠪᠡᠷ ᠪᠣᠶᠢᠵᠢᠭᠤᠯᠤᠨ ᠪᠤᠵᠠᠭᠠᠶᠢᠷᠠᠭᠤᠯᠵᠤ᠂ ᠡᠵᠡᠩᠨᠡᠯᠲᠡ ᠶᠢᠨ ᠲᠠᠷᠠᠬᠠᠢ ᠡᠷᠦᠬᠡ ᠪᠣᠯᠣᠨ ᠬᠤᠷᠰᠢᠶ᠎ᠠ ᠶᠢ ᠣᠷᠭᠠᠨᠢᠭ ᠢᠶᠠᠷ ᠨᠢᠭᠡᠳᠬᠡᠵᠦ᠂ ᠬᠤᠯᠪᠣᠭᠠᠲᠤ ᠬᠤᠷᠰᠢᠶ᠎ᠠ ᠪᠠᠶᠢᠭᠤᠯᠵᠤ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠦᠷᠢᠯᠳᠦᠭᠦᠯᠵᠦ᠂ ᠰᠠᠭᠤᠷᠢᠨ ᠭᠠᠵᠠᠷ ᠢ ᠪᠤᠵᠠᠭᠠᠶᠢᠷᠠᠭᠤᠯᠬᠤ ᠬᠡᠷᠡᠭᠲᠡᠢ᠃ ᠦᠢᠯᠡᠳᠪᠦᠷᠢᠯᠡᠵᠦ ᠡᠳ᠋ᠰᠢᠭᠦᠯᠬᠦ ᠶᠠᠪᠤᠴᠠ ᠶᠢ ᠵᠢᠷᠤᠮᠵᠢᠭᠤᠯᠤᠨ᠂ ᠦᠢᠯᠡᠳᠬᠦᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢ ᠴᠢᠩᠭᠠᠳᠬᠠᠵᠤ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠦᠴᠦᠷᠬᠡᠭᠵᠢᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ᠃ ᠴᠠᠭᠠᠨ ᠢᠳᠡᠭᠡ ᠬᠢᠭᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠢᠶᠠᠷ ᠵᠢᠱᠢᠶ᠎ᠡ ᠦᠵᠡᠭᠦᠯᠦᠨ᠂ ᠲᠠᠷᠢᠶᠠᠯᠠᠬᠤ ᠣᠷᠣᠨ ᠢᠶᠠᠷ ᠰᠠᠭᠤᠷᠢᠨ ᠭᠠᠵᠠᠷ ᠤᠨ ᠪᠠᠲᠤᠯᠠᠭ᠎ᠠ ᠪᠣᠯᠭᠠᠵᠤ᠂ ᠡᠭᠦᠰᠦᠮᠡᠯ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠭᠦᠨᠵᠡᠭᠡᠶᠢᠷᠡᠭᠦᠯᠦᠨ᠂ ᠵᠢᠱᠢᠶ᠎ᠡ ᠦᠵᠡᠭᠦᠯᠦᠨ ᠳᠠᠶᠢᠴᠢᠯᠠᠬᠤ ᠰᠠᠶᠢᠨ ᠰᠠᠶᠢᠬᠠᠨ ᠦᠢᠯᠡᠳᠦᠯ ᠢ ᠪᠤᠢ ᠪᠣᠯᠭᠠᠨ᠂ ᠲᠥᠷᠥᠯ ᠲᠡᠮᠳᠡᠭ ᠤᠨ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠲᠤᠰᠬᠠᠢ ᠠᠩᠭᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠵᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠨ᠂ ᠴᠠᠭᠠᠨ ᠢᠳᠡᠭᠡᠨ ᠤ ᠠᠵᠤ ᠦᠢᠯᠡᠰ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠨᠴᠠᠯᠢᠬᠵᠢᠭᠤᠯᠬᠤ ᠬᠥᠭᠵᠢᠯᠲᠡ ᠶᠢᠨ ᠵᠠᠮ ᠳᠤ ᠣᠷᠣᠭᠤᠯᠵᠤ᠂ ᠤᠯᠠᠨ ᠨᠡᠶᠢᠲᠡ ᠶᠢᠨ ᠣᠷᠣᠨ ᠪᠦᠰᠡ ᠶᠢᠨ ᠲᠦᠷᠦᠯ ᠲᠡᠮᠳᠡᠭ ᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠲᠥᠯᠥᠨ ᠳᠠᠭᠠᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号