ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ︽ᠬᠢᠵᠢᠭ︾ ᠤᠨ ᠱᠤᠭᠤᠮ ᠬᠤᠷᠢᠭ᠎ᠠ ᠶᠢ ᠰᠠᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/5/13
    2022051010532481420.jpg
     ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠴᠢᠭᠯᠡᠭᠦᠯᠦᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠬᠤᠷᠢᠭ᠎ᠠ ᠴᠡᠭ ᠤᠨ ᠠᠵᠢᠯᠲᠠᠳ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ ᠪᠤᠢ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠬᠤᠲᠠ ᠶᠢᠨ ᠪᠠᠷᠠᠭᠤᠨ ᠳᠠᠬᠢ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ᠂ ᠠᠵᠢᠯᠲᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠣᠷᠣᠵᠤ ᠢᠷᠡᠬᠦ ᠲᠡᠷᠭᠡ ᠵᠢᠴᠢ ᠵᠢᠯᠣᠭᠤᠴᠢ ᠪᠠ ᠰᠠᠭᠤᠳᠠᠯ ᠤᠨ ᠠᠵᠢᠯᠲᠠᠨ ᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠡᠷᠭᠡ ᠶᠢ ᠪᠠᠶᠢᠴᠠᠭᠠᠨ ᠰᠢᠯᠭᠠᠵᠤ᠂ ᠳᠡᠩᠰᠡᠯᠡᠵᠦ ᠪᠠᠶᠢᠨ᠎ᠠ᠃ ᠤᠯᠠᠭᠠᠨᠬᠤᠲᠠ ᠶᠢᠨ ᠪᠠᠷᠠᠭᠤᠨ ᠡᠭᠦᠳᠠ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠪᠠᠷᠠᠭᠤᠨ ᠶᠡᠭᠡ ᠡᠭᠦᠳᠡ︾ ᠪᠠᠶᠢᠵᠤ᠂ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠪᠠᠶᠢᠴᠠᠭᠠᠨ ᠰᠢᠯᠭᠠᠬᠤ ᠡᠲᠡᠭᠡᠳ ᠨᠢ ᠭᠤᠣᠯᠳᠠᠭᠤ  ᠬᠠᠷᠠᠮᠦᠷᠠᠨ ᠂ ᠬᠢᠷᠢᠨ᠂ ᠯᠢᠶᠤᠤᠨᠢᠩ ᠵᠡᠷᠭᠡ ᠭᠠᠵᠠᠷ  ᠠᠴᠠ ᠬᠢᠩᠭᠠᠨ ᠠᠶᠢᠮᠠᠭ ᠲᠤ ᠬᠦᠷᠬᠦ ᠲᠡᠷᠭᠡ ᠵᠢᠴᠢ ᠬᠥᠮᠥᠰ ᠪᠠᠶᠢᠵᠤ᠂ ᠭᠠᠳᠠᠨ᠎ᠠ  ᠠᠴᠠ ᠰᠡᠷᠭᠡᠶᠢᠯᠡᠬᠦ ᠶᠢᠨ ᠨᠢᠭᠡᠨ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠣᠨ᠎ᠠ᠂ ᠡᠨᠡ ᠪᠣᠯ ᠤᠯᠠᠭᠠᠨᠬᠤᠲᠠ ᠶᠢᠨ ᠰᠢᠺᠠᠺᠸᠤ ᠶᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠪᠠᠷᠠᠭᠤᠨ ᠶᠡᠭᠡ ᠬᠠᠭᠠᠯᠭ᠎ᠠ︾ ᠪᠣᠯᠣᠨ᠎ᠠ᠂ ᠪᠠᠶᠢᠴᠠᠭᠠᠨ ᠰᠢᠯᠭᠠᠬᠤ ᠡᠲᠡᠭᠡᠳ ᠨᠢ ᠭᠤᠣᠯᠳᠠᠭᠤ ᠾᠧᠢ ᠵᠢᠢ ᠯᠢᠶᠣᠤ ᠵᠡᠷᠭᠡ ᠭᠠᠵᠠᠷ  ᠠᠴᠠ ᠬᠢᠩᠭᠠᠨ ᠠᠶᠢᠮᠠᠭ ᠲᠤ ᠬᠦᠷᠬᠦ ᠲᠡᠷᠭᠡ ᠵᠢᠴᠢ ᠬᠥᠮᠥᠰ ᠪᠣᠯᠣᠨ᠎ᠠ᠃ᠡᠨᠡᠬᠦ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ 11 ᠰᠠᠯᠠᠭ᠎ᠠ ᠲᠣᠪᠴᠢᠶ᠎ᠠ ᠶᠢᠨ 300 ᠰᠢᠬᠠᠮ ᠠᠵᠢᠯᠲᠠᠨ ᠢ ᠬᠥᠳᠡᠯᠭᠡᠨ᠂ 24 ᠴᠠᠭ ᠲᠤ ᠡᠭᠡᠯᠵᠢᠯᠡᠨ ᠵᠢᠵᠢᠭᠦᠷᠯᠡᠵᠦ᠂ ᠪᠦᠷᠢᠳᠬᠡᠨ ᠳᠠᠩᠰᠠᠯᠠᠭᠤᠯᠵᠤ᠂ ᠪᠥᠬᠦ ᠶᠠᠪᠤᠴᠠ ᠳᠤ ᠣᠷᠣ ᠮᠥᠷ ᠦᠯᠡᠳᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠨᠢᠭᠡ ᠲᠡᠷᠭᠡ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ  ᠶᠢ ᠦᠨᠳᠦᠰᠦᠯᠡᠨ᠂ 3 ᠰᠠᠷ᠎ᠠ ᠶᠢᠨ 13 ᠤ ᠡᠳᠦᠷ ᠠᠴᠠ ᠡᠬᠢᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠠᠷ᠎ᠠ᠂ ᠭᠢᠷᠢᠨ᠂ ᠯᠢᠶᠣᠤᠨᠢᠩ ᠤᠨ ᠵᠠᠰᠠᠮᠠᠯ ᠵᠠᠮ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠰᠢᠯᠭᠠᠬᠤ ᠥᠷᠲᠡᠭᠡ ᠴᠢᠭ᠋ 14 ᠭᠠᠷᠭᠠᠵᠤ᠂ 11 ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ 13 ᠰᠤᠮᠤ ᠰᠢᠶᠠᠩ ᠪᠠᠯᠭᠠᠰᠤ᠂ 4 ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠪᠠ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠠᠴᠠ 500 ᠠᠵᠢᠯᠲᠠᠨ ᠲᠠᠲᠠᠵᠤ᠂ ᠡᠳᠦᠷ ᠪᠦᠷᠢ ᠳᠤᠮᠳᠠᠴᠢ ᠪᠠᠷ 5000 ᠭᠠᠷᠤᠢ ᠲᠡᠷᠭᠡ ᠤᠳᠠᠭ᠎ᠠ ᠶᠢᠨ ᠲᠡᠷᠭᠡ ᠬᠥᠰᠬᠡ ᠶᠢ ᠪᠠᠶᠢᠴᠠᠭᠠᠨ ᠰᠢᠯᠭᠠᠵᠤ᠂ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠵᠠᠮ ᠢᠶᠠᠷ ᠬᠠᠯᠳᠠᠪᠤᠷᠢᠯᠠᠬᠤ ᠶᠢ ᠪᠦᠲᠦᠮᠵᠢᠲᠡᠶ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠮᠦᠨ᠎ᠡ ᠬᠠᠷᠠᠭᠤᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号