ᠭᠦᠸᠧ ᠲᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/18
    2022051808433568173.jpg
    5 ᠰᠠᠷ᠎ᠠ ᠶᠢᠨ 16 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᠲᠠᠩ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠥᠩ ᠯᠢ ᠶᠢᠨ 2.5 ᠲᠦᠮᠡᠨ ᠲᠣᠯᠣᠭᠠᠢ ᠰᠢᠯᠢᠳᠡᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠨ᠂ ᠠᠶᠢᠮᠠᠭ ᠤᠨ ᠲᠣᠰ ᠱᠠᠲᠤᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠧᠢ ᠷᠦᠩ ᠱᠧᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠠᠢ ᠪᠥᠸᠧ ᠵᠢᠴᠢ ᠬᠤᠰᠢᠭᠤᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠭᠦᠸᠧ ᠲᠠᠩ ᠨᠠᠷ ᠵᠥᠩ ᠯᠢ ᠶᠢᠨ 2.5 ᠲᠦᠮᠡᠨ ᠰᠢᠯᠢᠳᠡᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢᠨ ᠡᠯ᠎ᠡ ᠦᠢᠯᠡᠳᠪᠦᠷᠢ ᠶᠢᠨ ᠲᠣᠭᠤᠷᠢᠭ ᠲᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠵᠤ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠯᠢᠳᠡᠭ ᠰᠠᠭᠠᠯᠢ ᠶᠢᠨ ᠦᠨᠢᠶ᠎ᠡ ᠶᠢ ᠠᠮᠢ ᠠᠬᠤᠢ ᠶᠢᠨ ᠡᠷᠭᠢᠯᠲᠡᠲᠦ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠥᠭᠵᠢᠯᠲᠡ ᠵᠢᠴᠢ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠭᠦᠸᠧ ᠲᠠᠩ ᠴᠢᠬᠤᠯᠠᠴᠢᠯᠠᠭᠰᠠᠨ ᠨᠢ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠨᠢ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠣᠨᠣᠪᠴᠢᠲᠠᠢ ᠬᠡᠷᠡᠭᠯᠡᠬᠦ᠂ ᠲᠦᠷᠭᠡᠨ ᠬᠡᠷᠡᠭᠯᠡᠬᠦ᠂ ᠰᠠᠶᠢᠲᠤᠷ ᠬᠡᠷᠡᠭᠯᠡᠬᠦ ᠶᠢ ᠪᠠᠲᠤᠯᠠᠵᠤ᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠨᠡᠮᠡᠭᠳᠡᠯ ᠤᠨ ᠴᠡᠭ ᠪᠣᠯᠣᠨ ᠥᠨᠢᠳᠡ ᠶᠢᠨ ᠬᠥᠳᠡᠯᠭᠡᠭᠦ ᠬᠦᠴᠦᠨ ᠬᠠᠩᠭᠠᠬᠤ ᠬᠡᠷᠡᠭᠲᠡᠢ ᠭᠡᠵᠡᠢ᠃    ᠣᠶᠢᠯᠠᠭᠠᠭᠰᠠᠨ ᠢᠶᠠᠷ᠂ ᠵᠥᠩ ᠯᠢ ᠶᠢᠨ ᠮᠠᠯᠵᠢᠯ ᠤᠨ ᠲᠠᠯᠠᠪᠠᠶ ᠶᠢᠨ ᠶᠡᠷᠦᠩᠬᠡᠢ ᠲᠠᠯᠠᠪᠠᠶ ᠨᠢ 2017 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 10.5 ᠳ᠋ᠦᠩᠰᠢᠭᠤᠷ ᠲᠥᠭᠦᠷᠢᠭ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠢ 5.9 ᠳ᠋ᠦᠩᠰᠢᠭᠤᠷ ᠲᠥᠭᠦᠷᠢᠭ ᠪᠣᠯᠣᠨ᠎ᠠ᠂ ᠡᠭᠦᠨ ᠳᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3 ᠳ᠋ᠦᠩᠰᠢᠭᠤᠷ ᠲᠥᠭᠦᠷᠢᠭ ᠬᠡᠷᠡᠭᠯᠡᠵᠦ᠂ ᠪᠦᠲᠦᠭᠡᠨ ᠪᠠᠶᠢᠭᠤᠯᠤᠭᠰᠠᠨ ᠲᠤᠭ᠎ᠠ ᠬᠡᠮᠵᠢᠶ᠎ᠡ ᠨᠢ 2.5 ᠲᠦᠮᠡ ᠳᠤ ᠬᠦᠷᠴᠡᠢ᠃ ᠣᠳᠣᠬᠠᠨ ᠳᠤ᠂ ᠨᠠᠮᠤᠭ ᠤᠨ ᠬᠢ ᠶᠢᠨ ᠰᠢᠩᠭᠡᠨ ᠢ ᠲᠠᠷᠢᠶᠠᠨ ᠳᠤ ᠣᠷᠣᠭᠤᠯᠬᠤ ᠬᠤᠭᠤᠯᠠᠢ ᠶᠢᠨ ᠢᠨᠵᠧᠨᠧᠷᠢᠩ ᠢ ᠶᠠᠭ ᠱᠠᠯᠠᠪᠳᠠᠨ ᠪᠠᠷᠢᠵᠤ ᠪᠠᠶᠢᠬᠤ ᠠᠴᠠ ᠭᠠᠳᠠᠨ᠎ᠠ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠳᠠᠭᠤᠰᠬᠠᠵᠤ᠂ ᠡᠯ᠎ᠡ ᠲᠥᠷᠥᠯ ᠤᠨ ᠮᠠᠯ ᠤᠨ ᠫᠧᠩ ᠰᠠᠷᠠᠪᠴᠢ 32 ᠵᠢᠴᠢ ᠦᠢᠯᠡᠳᠪᠦᠷᠢᠯᠡᠯ ᠤᠨ ᠣᠷᠣᠨ᠂ ᠠᠮᠢᠳᠤᠷᠠᠯ ᠤᠨ ᠠᠵᠢᠯᠯᠠᠬᠤ ᠣᠷᠣᠨ᠂ ᠲᠡᠵᠢᠭᠡᠯ ᠪᠣᠷᠳᠤᠭ᠎ᠠ ᠶᠢᠨ ᠲᠤᠰᠠᠯᠠᠬᠤ ᠣᠷᠣᠨ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠢᠳᠪᠦᠷᠢᠯᠡᠬᠦ ᠣᠷᠣᠨ ᠵᠡᠷᠭᠡ ᠶᠢ ᠪᠠᠶᠢᠭᠤᠯᠵᠤ᠂ ᠡᠨᠡ ᠵᠢᠯ ᠤᠨ 6 ᠰᠠᠷ᠎ᠠ ᠳᠤ ᠪᠦᠬᠦᠯᠢ ᠴᠣᠭᠴᠠ ᠶᠢᠨ ᠲᠥᠷᠥᠯ ᠵᠦᠢᠯ ᠢ ᠰᠢᠯᠭᠠᠨ ᠠᠪᠬᠤ ᠪᠠᠷ ᠭᠤᠶᠤᠴᠢᠯᠠᠬᠤ ᠪᠣᠯᠣᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号