ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠲᠤᠳᠤᠷᠭᠠᠨ ᠴᠢᠬᠢ ᠰᠠᠭᠤᠯᠭᠠᠬᠤ ᠪᠠᠶᠠᠷ ᠵᠢᠴᠢ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠶᠠᠨ ᠤ ᠲᠠᠪᠴᠠᠩ ᠡᠬᠢᠯᠡᠪᠡ
ᠨᠡᠶᠢᠲᠡᠯᠡᠭᠰᠡᠨ ᠴᠠᠭ᠄
2022/5/23
  2022052309022193637.jpg  
      5 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠳᠠᠷᠢᠶᠠᠨ ᠴᠢᠬᠢ ᠰᠠᠭᠤᠯᠭᠠᠬᠤ ᠪᠠᠶᠠᠷ ᠵᠢᠴᠢ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠶᠠᠨ ᠤ ᠲᠠᠪᠴᠠᠩ ᠴᠠᠷᠠᠰᠤᠨ ᠪᠠᠯᠭᠠᠰᠤᠨ ᠳᠤ ᠡᠬᠢᠯᠡᠪᠡ᠃ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠤᠷᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠭᠠᠵᠠᠷ ᠤᠨ ᠳᠠᠷᠤᠭ᠎ᠠ ᠾᠧ ᠢ ᠪᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠦ ᠢᠦᠢ ᠴᠧᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠵᠣᠣ ᠲᠢᠶᠠᠨ ᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠪᠥᠬᠦ ᠠᠶᠢᠮᠠᠭ ᠤᠨ ᠠᠬ᠎ᠠ ᠳᠡᠭᠦᠦ ᠬᠤᠰᠢᠭᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠾᠧ ᠢ ᠪᠢᠩ᠂ ᠵᠦ ᠢᠦᠢ ᠴᠧᠩ᠂ ᠳ᠋ᠦᠩ ᠰᠢᠨ ᠶᠤᠸᠠᠢ᠂ ᠴᠢᠨ ᠬᠤᠸᠠ ᠵᠧᠨ᠂ ᠵᠤᠤ ᠲᠢᠶᠠᠨ ᠰᠢ᠂ ᠰᠦᠨ ᠱᠤ᠋ ᠲᠤᠤ ᠵᠡᠷᠭᠡ ᠤᠳᠤᠷᠢᠳᠤᠯᠭ᠎ᠠ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠲᠠᠷᠢᠶᠠᠨ ᠴᠢᠬᠢ ᠰᠠᠭᠤᠯᠭᠠᠬᠤ ᠪᠠᠶᠠᠷ ᠵᠢᠴᠢ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠲᠤᠤᠵᠠ ᠬᠠᠶᠢᠴᠢᠯᠠᠪᠠ᠃     ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠬᠤᠸᠠ ᠵᠧᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ  ᠲᠠᠷᠢᠶᠠᠨ ᠴᠢᠬᠢ ᠰᠠᠭᠤᠯᠭᠠᠬᠤ ᠪᠠᠶᠠᠷ ᠵᠢᠴᠢ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠥᠭᠦᠯᠡᠬᠦ ᠶᠠᠷᠢᠶᠠᠨ ᠤ ᠲᠠᠪᠴᠠᠩ ᠡᠬᠢᠯᠡᠭᠰᠡᠨ ᠢ ᠵᠠᠷᠯᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠪᠠᠶᠠᠷ ᠤᠨ ᠦᠭᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠨᠡᠬᠦ ︽ᠤᠯᠤᠰ ᠤᠨ ᠲᠣᠮᠣ ᠬᠥᠮᠥᠨ︾ ᠤ ᠥᠨᠳᠥᠷᠴᠡ ᠠᠴᠠ ︽ᠲᠣᠮᠣ ᠢᠳᠡᠭᠡᠨ ᠤ ᠦᠵᠡᠯᠲᠡ︾ ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠯ᠂ ᠡᠷᠴᠢᠮᠵᠢᠭᠦᠯᠦᠭᠰᠡᠨ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠲᠠᠷᠢᠮᠠᠯ ᠤᠨ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ ᠢ ᠢᠳᠡᠪᠬᠢᠲᠡᠢ ᠳᠡᠯᠭᠡᠷᠡᠭᠦᠯᠦᠨ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ ᠪᠣᠶᠢᠵᠢᠭᠤᠯᠪᠠ᠃ 2021 ᠣᠨ ᠳᠤ ᠪᠦᠭᠦ ᠬᠤᠰᠢᠭᠤᠨ ᠤ ᠠᠮᠤ ᠪᠤᠳᠠᠭᠠᠨ ᠤ ᠤᠨᠠᠯᠲᠠ 30.91 ᠳ᠋ᠤᠩᠰᠢᠭᠤᠷ ᠵᠢᠩ ᠳᠤ ᠬᠦᠢᠷᠴᠤ᠂ ᠡᠨᠡ ᠵᠢᠯ ᠪᠦᠭᠦ ᠬᠤᠰᠢᠭᠤᠨ ᠤ ᠲᠠᠷᠢᠮᠠᠯ ᠤᠨ ᠲᠠᠷᠢᠮᠠᠯ ᠤᠨ ᠲᠠᠯᠠᠪᠠᠢ ᠵᠢᠱᠢᠯᠲᠡ ᠪᠠᠷ 476 ᠲᠦᠮᠡᠨ ᠮᠤ᠋ ᠳᠤ ᠬᠦᠢᠷᠭᠦ ᠪᠣᠯᠣᠨ᠎ᠠ᠃ ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠵᠢᠭᠤᠯᠴᠢᠯᠠᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ᠂ ᠠᠮᠢ ᠠᠬᠤᠢ ᠶᠢ ᠠᠳᠬᠤᠬᠤ᠂ ᠠᠷᠠᠳ ᠤᠨ ᠠᠮᠢᠳᠤᠷᠠᠯ ᠢ ᠠᠳᠬᠤᠬᠤ᠂ ᠦᠨᠳᠦᠰᠦᠲᠡᠨ ᠤ ᠪᠦᠯᠬᠦᠮᠳᠡᠯ ᠢ ᠠᠳᠬᠤᠬᠤ︾ ᠶᠢ ᠪᠠᠷᠢᠮᠲᠠᠯᠠᠵᠤ᠂ ᠪᠤᠷᠭᠠᠰᠤᠲᠠᠢ ᠶᠢᠨ ᠤᠯᠠᠭᠠᠨ᠂ ᠤᠯᠠᠭᠠᠨᠮᠣᠳᠤ ᠶᠢᠨ ᠨᠣᠭᠤᠭᠠᠨ᠂ ᠴᠠᠷᠰᠤᠨ ᠤ ᠬᠥᠬᠡ ᠥᠩᠭᠡ ᠪᠠᠷ ᠲᠥᠯᠥᠭᠡᠯᠡᠭᠦᠯᠦᠭᠰᠡᠨ ︽ᠤᠯᠠᠭᠠᠨ ᠨᠣᠭᠤᠭᠠᠨ ᠬᠥᠬᠡ︾ ᠭᠤᠷᠪᠠᠨ ᠥᠩᠭᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠬᠠᠩᠭᠠᠢ ᠲᠠᠯ᠎ᠠ ᠨᠤᠲᠤᠭ᠂ ᠰᠡᠳᠬᠢᠯ ᠤᠨ ᠮᠠᠯᠵᠢᠯ ᠤᠨ ᠲᠠᠯᠠᠪᠠᠶ︾ ᠪᠠᠷ ᠨᠡᠷ᠎ᠡ ᠶᠢᠨ ᠬᠠᠭᠤᠳᠠᠰᠤ ᠪᠣᠯᠭᠠᠨ᠂ ︽ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ ᠭᠡᠵᠡᠢ᠃   ᠠᠵᠢᠯᠯᠠᠭ᠎ᠠ ᠶᠢᠨ ᠳᠤᠮᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠨᠡᠷ᠎ᠠ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠬᠠᠮᠲᠤᠪᠠᠷ ᠠᠯᠳᠠᠷᠲᠠᠢ ᠵᠠᠯᠠᠭᠤ ᠳᠠᠭᠤᠴᠢᠨ ᠤᠯᠠᠭᠠᠨᠲᠤᠶᠠᠭ᠎ᠠ ᠶᠢ ᠤᠷᠢᠵᠤ ᠴᠠᠷᠠᠰᠤᠨ ᠭᠠᠴᠠᠭ᠎ᠠ ᠶᠢᠨ ︽ᠰᠣᠶᠣᠯ ᠤᠨ ᠲᠣᠰᠬᠤᠨ ᠤ ᠳᠠᠷᠤᠭ᠎ᠠ︾ ᠵᠢᠴᠢ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠶᠢᠨ ︽ᠰᠣᠶᠣᠯ ᠤᠨ ᠦᠢᠯᠡᠳᠦᠯᠭᠡ ᠶᠢᠨ ᠵᠢᠯᠣᠭᠤᠳᠤᠭᠴᠢ ᠪᠠᠭᠰᠢ︾ ᠪᠠᠷ ᠤᠷᠢᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠦ ᠵᠢᠩ ᠵᠢᠩ ᠵᠢᠴᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ ᠠᠴᠠ ᠤᠯᠠᠭᠠᠨᠲᠤᠶᠠᠭ᠎ᠠ ᠳᠤ ᠲᠣᠰ ᠲᠣᠰ ᠬᠤᠯᠪᠣᠭᠳᠠᠯ ᠪᠦᠬᠦᠢ ᠤᠷᠢᠯᠭ᠎ᠠ ᠶᠢᠨ ᠪᠢᠴᠢᠭ ᠭᠠᠷᠳᠠᠭᠤᠯᠪᠠ᠃
2022052309041281154.jpg     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ
ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠶᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ ᠴᠠᠷᠰᠤᠨ ᠤ ᠲᠠᠷᠢᠶᠠᠴᠢᠨ ᠤ ᠰᠢᠯᠦᠭ ᠤᠨ ᠦᠷᠦᠭᠡ ᠵᠢᠴᠢ ᠴᠠᠷᠰᠤᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ ᠤᠨ  ᠫᠠᠶᠢᠰᠠ‌ᠢᠯᠡᠷᠬᠡᠶᠢᠯᠡᠯ ᠢ ᠰᠡᠬᠦᠪᠡ᠃    ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠵᠠᠯᠠᠭᠤ ᠳᠠᠭᠤᠴᠢᠨ ᠤᠯᠠᠭᠠᠨᠲᠤᠶᠠᠭ᠎ᠠ ᠲᠠᠶᠢᠰᠠᠨ ᠳᠤ ᠭᠠᠷᠴᠤ ᠰᠡᠳᠬᠢᠯ ᠳᠣᠭᠳᠣᠯᠤᠨ ᠳᠠᠭᠤᠯᠠᠵᠤ᠂ ᠤᠯᠠᠭᠠᠨᠮᠥ᠋ᠴᠢᠷ ᠤᠨ ᠰᠢᠷᠢᠰ ᠲᠣᠭᠯᠠᠯᠲᠠ᠂ ᠲᠠᠷᠢᠶᠠᠴᠢᠨ ᠤ ᠰᠢᠯᠦᠭ ᠤᠨ ᠦᠷᠦᠭᠡ ᠶᠢᠨ ᠰᠢᠷᠢᠰ ᠠᠵᠢᠯᠯᠠᠭ᠎ᠠ ᠠᠯᠬᠤᠮ ᠳᠠᠷᠠᠭ᠎ᠠ ᠲᠠᠢ ᠪᠠᠷ ᠡᠬᠢᠯᠡᠵᠦ᠂ ᠠᠵᠢᠯᠯᠠᠭ᠎ᠠ ᠶᠢᠨ ᠠᠬᠤᠢ ᠲᠠᠯᠠᠪᠠᠶ ᠳᠤ ᠪᠠᠶᠠᠷ ᠬᠥᠷ ᠲᠠᠢ ᠠᠭᠤᠷ ᠠᠮᠢᠰᠬᠤᠯ ᠢ ᠪᠣᠶ ᠪᠣᠯᠭᠠᠪᠠ᠃    ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠲᠤᠲᠤᠷᠭ᠎ᠠ ᠶᠢᠨ ᠲᠠᠷᠢᠶᠠᠨ ᠳᠤ ᠵᠢᠭᠠᠰᠤ ᠠᠩᠨᠠᠬᠤ ᠵᠢᠴᠢ ᠤᠰᠤᠨ ᠲᠤᠲᠤᠷᠭ᠎ᠠ ᠶᠢ ᠵᠠᠪᠳᠤᠨ ᠲᠠᠷᠢᠬᠤ ᠠᠵᠢᠯᠯᠠᠭ᠎ᠠ ᠳᠤ ᠵᠠᠷᠯᠢᠭ ᠪᠠᠭᠤᠯᠭᠠᠭᠰᠠᠨ ᠪᠥᠭᠡᠳ ᠲᠤᠲᠤᠷᠭ᠎ᠠ ᠶᠢᠨ ᠲᠠᠷᠢᠶᠠᠨ ᠳᠤ ᠴᠢᠬᠢ ᠰᠠᠭᠤᠯᠭᠠᠵᠤ᠂ ᠤᠯᠠᠮᠵᠢᠯᠠᠯᠲᠤ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠰᠠ ᠮᠠᠶᠢᠬᠠᠨ ᠪᠠᠭᠤᠳᠠᠯ ᠤᠨ ᠭᠥᠯᠢᠶᠡᠨ ᠠᠪᠬᠤ ᠲᠢᠩᠬᠢᠮ᠂ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠭᠦᠯᠦᠯᠭᠡ᠂ ᠴᠠᠭᠠᠨ ᠢᠳᠡᠭᠡᠨ ᠤ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠡᠯ᠎ᠡ ᠲᠠᠸᠠᠷ ᠤᠨ ᠦᠵᠡᠭᠦᠯᠦᠯᠭᠡ ᠶᠢᠨ ᠲᠣᠭᠤᠷᠢᠭ ᠲᠤ ᠬᠦᠷᠴᠦ ᠲᠣᠭᠤᠷᠢᠨ ᠦᠵᠡᠭᠦᠯᠪᠡ᠃    ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠪᠣᠯᠣᠨ ᠲᠠᠷᠢᠶᠠᠨ ᠴᠢᠬᠢ ᠰᠠᠭᠤᠯᠭᠠᠬᠤ ᠪᠠᠶᠠᠷ ᠤᠨ ᠰᠢᠷᠢᠰ ᠠᠵᠢᠯᠯᠠᠭ᠎ᠠ ᠨᠢ ᠬᠥᠳᠡᠭᠡ ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠨᠡᠷ᠎ᠡ ᠠᠯᠳᠠᠷᠰᠢᠭᠤᠯᠵᠤ᠂ ᠬᠥᠳᠡᠭᠡ ᠠᠵᠤ ᠠᠬᠤᠢ ᠵᠤᠭᠠᠴᠠᠯ᠂ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ︽ᠬᠥᠳᠡᠯᠭᠡᠵᠦ︾᠂ ︽ᠠᠮᠤ ᠪᠤᠳᠠᠭᠠᠨ ᠤ ᠠᠮᠤᠷ ᠲᠦᠪᠰᠢᠨ︾ ᠢ ᠳᠡᠮᠵᠢᠵᠦ᠂ ︽ᠪᠦᠬᠦ ᠣᠷᠣᠨ ᠪᠦᠰᠡ ᠶᠢᠨ ᠵᠤᠭᠠᠴᠠᠯ︾  ᠢ ᠠᠮᠢᠳᠤᠯᠢᠭ ᠪᠣᠯᠭᠠᠬᠤ ᠪᠠᠷ ᠵᠣᠷᠢᠯᠭ᠎ᠠ ᠪᠣᠯᠭᠠᠭᠰᠠᠨ ᠶᠤᠮ᠃ ᠡᠭᠦᠨ ᠤ ᠬᠠᠮᠲᠤ᠂ ᠬᠠᠯᠠᠭᠤᠮᠰᠤᠭ ᠵᠣᠴᠢᠨᠰᠠᠭ ᠡᠮᠦᠨᠡᠲᠦ ᠬᠤᠰᠢᠭᠤᠨ ᠤ ᠬᠥᠮᠥᠰ ᠴᠦ ᠪᠦᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠲᠤ ᠬᠠᠯᠠᠭᠤᠨ ᠤᠷᠢᠯᠭ᠎ᠠ ᠲᠠᠯᠪᠢᠵᠤ ᠂ ᠨᠡᠩ ᠤᠯᠠᠨ ᠬᠥᠮᠥᠰ ᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠠᠩᠬᠠᠷᠤᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠣᠶᠢᠯᠠᠭᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ᠂ ᠬᠢᠩᠭᠠᠨ ᠠᠶᠢᠮᠠᠭ ᠤᠨ ᠲᠤᠲᠤᠷᠭ᠎ᠠ ᠶᠢᠨ ᠠᠮᠲᠠᠲᠤ ᠢᠳᠡᠭᠡᠨ ᠪᠣᠯᠣᠨ ᠲᠤᠲᠤᠷᠭ᠎ᠠ ᠶᠢᠨ ᠲᠠᠷᠢᠶᠠᠨ ᠤ ᠰᠣᠶᠣᠯ ᠤᠨ ᠣᠨᠴᠠᠯᠢᠭᠲᠤ ᠬᠥᠳᠡᠭᠡ ᠲᠣᠰᠬᠤᠨ ᠤ ᠵᠤᠭᠠᠴᠠᠯ ᠤᠨ ᠬᠠᠪᠤ ᠴᠡᠩᠭᠡᠯ ᠢ ᠡᠳ᠋ᠯᠡᠭᠦᠯᠵᠦ᠂ ᠬᠦᠭᠡ ᠠᠭᠤᠯᠠ ᠬᠥᠬᠡᠮᠳᠦᠭ ᠤᠰᠤ ᠪᠤᠯᠤᠨ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠤᠨ ᠦᠵᠡᠮᠵᠢ ᠶᠢ ᠪᠦᠷᠢᠯᠳᠦᠭᠦᠯᠵᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号