ᠰᠢᠨᠬᠤᠸᠠ ᠬᠤᠷᠢᠶᠠᠨ ᠤ ᠪᠡᠭᠡᠵᠢᠩ ᠤᠨ 5 | ᠳ᠋ᠤᠭᠠᠷ ᠰᠠᠷ᠎ᠠ ᠶᠢᠨ 23 ᠤ ᠡᠳᠦᠷ ᠤᠨ | ᠴᠠᠬᠢᠯᠭᠠᠨ ᠮᠡᠳᠡᠭᠡ ᠣᠶᠢᠷ᠎ᠠ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ | ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ | ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ | ᠵᠠᠮ ᠳᠤ ᠪᠠᠨ ᠣᠷᠣᠬᠤ ᠶᠢ ᠴᠢᠷᠮᠠᠶᠢᠨ | ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ | ᠠᠵᠢᠯᠯᠠᠭᠤᠯᠬᠤ ᠶᠢ ᠦᠨᠡᠨ ᠬᠦ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ | ᠣᠳᠣᠬᠠᠨ ᠳᠤ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠦᠷᠭᠦᠯᠵᠢᠯᠡᠨ | ᠨᠡᠮᠡᠭᠳᠡᠵᠦ᠂ ᠮᠠᠰᠢ ᠤᠯᠠᠨ ᠵᠠᠬ᠎ᠠ | ᠳᠡᠯᠭᠡᠭᠦᠷ ᠤᠨ ᠭᠤᠣᠯ ᠴᠣᠭᠴᠠ ᠲᠤᠶᠢᠯ ᠤᠨ | ᠬᠦᠴᠢᠷᠳᠡᠯ ᠲᠠᠢ ᠪᠠᠶᠢᠨ᠎ᠠ᠃ ᠬᠥᠭᠵᠢᠯᠲᠡ ᠪᠣᠯ | ᠮᠠᠨ ᠤ ᠤᠯᠤᠰ ᠤᠨ ᠠᠯᠢᠪᠠ ᠠᠰᠠᠭᠤᠳᠠᠯ ᠢ | ᠰᠢᠢᠳᠪᠦᠷᠢᠯᠡᠬᠦ ᠶᠢᠨ ᠰᠠᠭᠤᠷᠢ ᠪᠠ | ᠵᠠᠩᠭᠢᠯᠠᠭ᠎ᠠ ᠮᠥᠨ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠢᠲᠡᠭᠡᠯ ᠵᠣᠷᠢᠭ ᠢᠶᠠᠨ ᠪᠠᠲᠤᠳᠬᠠᠨ᠂ ᠡᠷᠡᠰ | ᠰᠢᠭᠤᠷᠬᠠᠢ ᠪᠠᠷ ᠠᠷᠭᠠᠴᠠᠭᠠᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ | ᠥᠨᠳᠥᠷ ᠪᠦᠲᠦᠮᠵᠢᠲᠡᠶ ᠪᠠᠷ ᠨᠢᠭᠡᠳᠦᠯᠲᠡᠢ | ᠲᠥᠯᠥᠪᠯᠡᠵᠦ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠲᠣᠭᠲᠠᠭᠠᠭᠰᠠᠨ | ᠲᠦᠷᠦ ᠶᠢᠨ ᠪᠣᠳᠣᠯᠭ᠎ᠠ ᠶᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢᠨ ᠬᠠᠮᠲᠤ | ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠶᠡᠷᠦᠩᠬᠡᠢ ᠰᠡᠳᠬᠢᠴᠡ ᠪᠠ | ᠲᠦᠷᠦ ᠶᠢᠨ ᠪᠣᠳᠣᠯᠭ᠎ᠠ ᠶᠢᠨ ᠬᠠᠨᠳᠤᠰᠢ | ᠶᠣᠰᠣᠭᠠᠷ ᠴᠢᠭᠯᠡᠯᠲᠦ ᠴᠢᠨᠠᠷ ᠢᠶᠠᠷ | ᠴᠢᠩᠭ᠎ᠠ᠂ ᠬᠦᠴᠦᠲᠡᠢ ᠪᠥᠭᠡᠳ ᠪᠦᠲᠦᠮᠵᠢᠲᠡᠶ | ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠤᠨ | ᠠᠷᠭ᠎ᠠ ᠬᠡᠮᠵᠢᠶ᠎ᠡ ᠨᠦᠭᠦᠳ ᠢ ᠠᠪᠴᠤ᠂ ᠠᠵᠤ | ᠠᠬᠤᠢ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠤᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ 6 | ᠲᠠᠯ᠎ᠠ ᠶᠢᠨ 33 ᠵᠦᠢᠯ ᠤᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠂ | ᠡᠭᠦᠨ ᠳᠤ ᠭᠤᠣᠯᠳᠠᠭᠤ᠄ ᠨᠢᠭᠡ ᠳᠤ᠂ ᠡᠳ᠋ ᠤᠨ | ᠵᠠᠰᠠᠭ ᠵᠢᠴᠢ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ | ᠪᠠᠶᠢᠯᠭᠠᠬᠤ ᠪᠠ ᠠᠵᠢᠯ ᠣᠯᠭᠤᠯᠲᠠ ᠶᠢ | ᠬᠦᠴᠦᠯᠡᠨ ᠲᠣᠭᠲᠠᠪᠤᠷᠢᠵᠢᠭᠤᠯᠤᠨ᠎ᠠ᠃ ᠨᠡᠩ | ᠤᠯᠠᠨ ᠠᠵᠢᠯ ᠲᠦᠷᠦᠯ ᠳᠤ ᠦᠯᠡᠳᠡᠭᠡᠯ ᠪᠠ | ᠨᠡᠮᠡᠭᠳᠡᠯ ᠤᠨ ᠬᠡᠮᠵᠢᠶ᠎ᠡ ᠶᠢ ᠪᠦᠬᠦ | ᠲᠤᠭ᠎ᠠ ᠪᠠᠷ ᠨᠢ ᠰᠠᠭᠤᠳᠬᠠᠨ ᠭᠠᠶᠢᠯᠢ | ᠪᠤᠴᠠᠭᠠᠬᠤ ᠶᠢ ᠬᠡᠷᠡᠭᠵᠢᠭᠦᠯᠵᠦ᠂ 1400 ᠭᠠᠷᠤᠢ | ᠳ᠋ᠦᠩᠰᠢᠭᠤᠷ ᠲᠥᠭᠦᠷᠢᠭ ᠤᠨ ᠭᠠᠶᠢᠯᠢ | ᠪᠤᠴᠠᠭᠠᠬᠤ ᠬᠡᠮᠵᠢᠶ᠎ᠡ ᠶᠢ ᠨᠡᠮᠡᠭᠳᠡᠭᠦᠯᠵᠦ᠂ | ᠪᠦᠬᠦ ᠵᠢᠯ ᠤᠨ ᠭᠠᠶᠢᠯᠢ ᠪᠤᠴᠠᠭᠠᠬᠤ | ᠶᠡᠷᠦᠩᠬᠡᠢ ᠬᠡᠮᠵᠢᠶ᠎ᠡ ᠶᠢ 2.64 ᠲᠦᠮᠡᠨ | ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠪᠠ 5 ᠣᠨᠴᠠ ᠬᠦᠴᠢᠷᠳᠡᠯᠲᠡᠢ ᠠᠵᠢᠯ | ᠲᠥᠷᠥᠯ ᠤᠨ ᠨᠠᠰᠤᠵᠢᠯ ᠤᠨ ᠠᠰᠠᠷᠠᠮᠵᠢ ᠶᠢᠨ | ᠰᠦᠢᠳᠬᠡᠯ ᠵᠡᠷᠭᠡ ᠭᠤᠷᠪᠠᠨ ᠵᠦᠢᠯ ᠤᠨ | ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠲᠥᠷᠥ ᠶᠢᠨ | ᠪᠣᠳᠣᠯᠭ᠎ᠠ ᠶᠢ ᠵᠢᠯ ᠤᠨ ᠡᠴᠦᠰ ᠪᠣᠯᠲᠠᠯ᠎ᠠ | ᠤᠷᠲᠤᠳᠬᠠᠬᠤ ᠶᠢᠨ ᠬᠠᠮᠲᠤ ᠪᠤᠰᠤᠳ ᠣᠨᠴᠠ | ᠬᠦᠴᠢᠷᠳᠡᠯᠲᠡᠢ ᠠᠵᠢᠯ ᠲᠥᠷᠥᠯ ᠳᠤ ᠬᠦᠷᠲᠡᠯ᠎ᠡ | ᠥᠷᠭᠡᠳᠬᠡᠵᠦ᠂ ᠵᠢᠱᠢᠯᠲᠡ ᠪᠠᠷ ᠡᠨᠡ ᠵᠢᠯ 3200 | ᠳ᠋ᠦᠩᠰᠢᠭᠤᠷ ᠲᠥᠭᠦᠷᠢᠭ ᠬᠤᠶᠢᠰᠢᠯᠠᠭᠤᠯᠤᠨ | ᠲᠤᠰᠢᠶᠠᠨ᠎ᠠ᠃ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠦᠯᠡᠳᠡᠭᠡᠬᠦ | ᠪᠣᠯᠪᠠᠰᠤᠷᠠᠯ ᠤᠨ ᠨᠥᠬᠦᠪᠦᠷᠢ ᠶᠢ ᠪᠦᠬᠦ | ᠳᠠᠭᠠᠳᠬᠠᠯ ᠳᠤ ᠣᠷᠣᠯᠴᠠᠭᠰᠠᠨ | ᠬᠦᠴᠢᠷᠳᠡᠯᠲᠡᠢ ᠠᠵᠤ ᠠᠬᠤᠶᠢᠯᠠᠯ ᠳᠤ | ᠬᠦᠷᠲᠡᠯ᠎ᠡ ᠥᠷᠭᠡᠳᠬᠡᠨ᠎ᠡ᠃ ᠳᠤᠮᠳᠠ ᠵᠢᠵᠢᠭ | ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠰᠢᠩᠭᠡᠬᠡᠨ | ᠠᠪᠤᠭᠰᠠᠨ ᠪᠣᠯ᠂ ᠠᠵᠢᠯ ᠤᠨ ᠪᠠᠶᠢᠷᠢ ᠶᠢ | ᠥᠷᠭᠡᠳᠬᠡᠬᠦ ᠨᠥᠬᠦᠪᠦᠷᠢ ᠵᠡᠷᠭᠡ | ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ | ᠭᠠᠵᠠᠷ ᠤᠨ ᠬᠢᠨ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠤᠰᠤ | ᠴᠠᠬᠢᠯᠭᠠᠨ ᠤ ᠰᠦᠢᠳᠬᠡᠯ᠂ ᠭᠡᠷ ᠤᠨ ᠲᠦᠷᠢᠶᠡᠰᠦ | ᠵᠡᠷᠭᠡ ᠲᠠᠯ᠎ᠠ ᠶᠢᠨ ᠳᠡᠮᠵᠢᠯᠭᠡ ᠶᠢ | ᠴᠢᠩᠭᠠᠳᠬᠠᠬᠤ ᠬᠡᠷᠡᠭᠲᠡᠢ᠃ ᠡᠨᠡ ᠵᠢᠯ ᠤᠨ | ᠲᠤᠰᠬᠠᠢ ᠵᠦᠢᠯ ᠤᠨ ᠥᠷᠢ ᠥᠭᠴᠡᠭᠡ ᠶᠢ 8 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ | ᠪᠣᠯᠲᠠᠯ᠎ᠠ ᠦᠨᠳᠦᠰᠦᠨ ᠳᠤ ᠪᠠᠨ ᠬᠡᠷᠡᠭᠯᠡᠨ | ᠭᠦᠢᠴᠡᠳᠬᠡᠵᠦ᠂ ᠳᠡᠮᠵᠢᠯᠭᠡ ᠶᠢᠨ | ᠬᠡᠪᠴᠢᠶ᠎ᠡ ᠶᠢ ᠰᠢᠨ᠎ᠡ ᠬᠡᠯᠪᠡᠷᠢ ᠶᠢᠨ | ᠰᠠᠭᠤᠷᠢ ᠲᠥᠬᠦᠭᠡᠷᠦᠮᠵᠢ ᠵᠡᠷᠭᠡ ᠳᠤ | ᠬᠦᠷᠲᠡᠯ᠎ᠡ ᠥᠷᠭᠡᠳᠬᠡᠨ᠎ᠡ᠃ ᠤᠯᠤᠰ ᠤᠨ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ | ᠰᠠᠭᠤᠷᠢ ᠮᠥᠩᠭᠦ ᠶᠢᠨ ᠲᠠᠬᠢᠨ ᠳᠠᠭᠠᠭᠠᠯᠲᠠ | ᠬᠢᠬᠦ ᠬᠠᠮᠲᠤᠷᠠᠯᠴᠠᠭᠠᠨ ᠤ ᠲᠤᠬᠠᠶᠢᠯᠠᠭᠰᠠᠨ | ᠠᠵᠢᠯ ᠢ 1 ᠲᠦᠮᠡᠨ ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠯᠲᠠᠯ᠎ᠠ ᠰᠢᠨ᠎ᠡ ᠪᠠᠷ | ᠨᠡᠮᠡᠭᠳᠡᠭᠦᠯᠦᠨ᠎ᠡ᠃ ᠬᠤᠶᠠᠷ ᠲᠤ᠂ ᠮᠥᠩᠭᠦᠨ | ᠭᠦᠢᠯᠭᠡᠭᠡᠨ ᠤ ᠲᠥᠷᠥ ᠶᠢᠨ ᠪᠣᠳᠣᠯᠭ᠎ᠠ᠃ ᠡᠨᠡ | ᠵᠢᠯ ᠤᠨ ᠲᠥᠭᠡᠮᠡᠯ ᠬᠠᠷᠠᠭᠠᠯᠵᠠᠯᠲᠤ ᠵᠢᠵᠢᠭ | ᠪᠢᠴᠢᠯ ᠵᠢᠭᠡᠯᠡᠯᠭᠡ ᠶᠢᠨ ᠳᠡᠮᠵᠢᠯᠭᠡ ᠶᠢᠨ | ᠪᠠᠭᠠᠵᠢ ᠶᠢᠨ ᠲᠤᠭ᠎ᠠ ᠬᠡᠮᠵᠢᠶ᠎ᠡ ᠪᠠ ᠳᠡᠮᠵᠢᠬᠦ | ᠬᠠᠷᠢᠴᠠᠯ ᠢ ᠨᠢᠭᠡ ᠳᠠᠬᠢᠨ | ᠨᠡᠮᠡᠭᠳᠡᠭᠦᠯᠦᠨ᠎ᠡ᠃ ᠳᠤᠮᠳᠠ ᠵᠢᠵᠢᠭ ᠪᠢᠴᠢᠯ | ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠵᠢᠭᠡᠯᠡᠯᠭᠡ᠂ | ᠪᠠᠷᠠᠭᠠᠨ ᠤ ᠲᠡᠷᠭᠡ ᠶᠢᠨ ᠵᠢᠭᠡᠯᠡᠯᠭᠡ᠂ ᠲᠦᠷ | ᠴᠠᠭ ᠬᠦᠴᠢᠷᠳᠡᠯ ᠳᠤ ᠲᠤᠯᠭᠠᠷᠠᠭᠰᠠᠨ ᠬᠤᠪᠢ | ᠬᠥᠮᠥᠨ ᠤ ᠭᠡᠷ ᠪᠠᠶᠢᠰᠢᠩ ᠤᠨ | ᠵᠢᠭᠡᠯᠡᠯᠭᠡ ᠶᠢᠨ ᠬᠡᠷᠡᠭᠯᠡᠭᠡᠨ ᠤ | ᠵᠢᠭᠡᠯᠡᠯᠭᠡ ᠳᠤ᠂ ᠪᠠᠩᠬᠢ ᠶᠢᠨ ᠲᠤᠰ ᠵᠢᠯ ᠤᠨ | ᠡᠬᠡ ᠬᠦᠦ ᠶᠢ ᠨᠢ ᠪᠤᠴᠠᠭᠠᠬᠤ ᠬᠤᠭᠤᠴᠠᠭ᠎ᠠ ᠶᠢ | ᠤᠷᠲᠤᠳᠬᠠᠬᠤ ᠶᠢ ᠳᠡᠮᠵᠢᠨ᠎ᠡ︔ ᠮᠠᠰᠢᠨ | ᠲᠡᠷᠭᠡᠨ ᠤ ᠲᠥᠪ ᠤᠨ ᠠᠵᠤ ᠠᠬᠤᠶᠢᠯᠠᠯ ᠤᠨ | ᠲᠠᠷᠬᠠᠭᠠᠭᠰᠠᠨ 900 ᠳ᠋ᠦᠩᠰᠢᠭᠤᠷ ᠲᠥᠭᠦᠷᠢᠭ ᠤᠨ | ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ | ᠲᠡᠷᠭᠡ ᠶᠢᠨ ᠵᠢᠭᠡᠯᠡᠯᠭᠡ ᠳᠤ ᠪᠠᠩᠬᠢ ᠪᠠ ᠠᠵᠤ | ᠠᠬᠤᠶᠢᠯᠠᠯ ᠬᠤᠯᠪᠤᠭᠠᠯᠠᠨ ᠬᠥᠳᠡᠯᠦᠯᠴᠡᠵᠦ | ᠬᠠᠭᠠᠰ ᠵᠢᠯ ᠬᠤᠭᠤᠴᠠᠭ᠎ᠠ ᠤᠷᠲᠤᠳᠬᠠᠨ ᠡᠬᠡ | ᠬᠦᠦ ᠶᠢ ᠨᠢ ᠪᠤᠴᠠᠭᠠᠨ᠎ᠠ᠃ ᠬᠤᠳᠠᠯᠳᠤᠭᠠᠨ ᠤ | ᠭᠤᠪᠢᠭᠤᠯᠭ᠎ᠠ ᠶᠢᠨ ᠪᠢᠯᠧᠲ ᠤᠨ | ᠭᠤᠪᠢᠭᠤᠯᠭ᠎ᠠ ᠶᠢ ᠳᠠᠭᠠᠭᠠᠬᠤ | ᠬᠤᠭᠤᠴᠠᠭ᠎ᠠ ᠶᠢ 1 ᠵᠢᠯ ᠪᠠᠶᠢᠭᠰᠠᠨ ᠠᠴᠠ ᠨᠢ 6 | ᠰᠠᠷ᠎ᠠ ᠪᠣᠯᠭᠠᠨ ᠪᠣᠭᠤᠨᠢᠰᠬᠠᠨ᠎ᠠ᠃ | ᠲᠠᠪᠴᠠᠩ ᠤᠨ ᠠᠵᠤ ᠠᠬᠤᠶᠢᠯᠠᠯ ᠤᠨ ᠬᠠᠤᠯᠢ | ᠲᠣᠭᠲᠠᠭᠠᠯ ᠳᠤ ᠨᠡᠶᠢᠴᠡᠭᠰᠡᠨ ᠪᠠᠶᠢᠳᠠᠯ | ᠳᠣᠣᠷ᠎ᠠ ᠬᠢᠯᠢ ᠶᠢᠨ ᠳᠣᠲᠣᠨ᠎ᠠ ᠭᠠᠳᠠᠨ᠎ᠠ | ᠵᠠᠬ᠎ᠠ ᠳᠡᠯᠭᠡᠭᠦᠷ ᠲᠤ ᠭᠠᠷᠭᠠᠬᠤ ᠶᠢ | ᠳᠡᠮᠵᠢᠨ᠎ᠡ᠃ ᠭᠤᠷᠪᠠ ᠳᠤ᠂ ᠠᠵᠤ ᠦᠢᠯᠡᠰ ᠤᠨ | ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ | ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠡᠬᠢᠯᠡᠭᠦᠯᠬᠦ | ᠲᠦᠷᠦ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ︽ᠨᠡᠷᠡᠰ ᠤᠨ ᠴᠠᠭᠠᠨ | ᠲᠠᠩᠰᠠ︾ ᠳᠠᠬᠢ ᠠᠵᠤ ᠠᠬᠤᠶᠢᠯᠠᠯ ᠤᠨ | ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ | ᠪᠠᠷᠠᠭᠠᠨ ᠤ ᠲᠡᠭᠡᠭᠡᠪᠦᠷᠢ ᠶᠢᠨ ᠰᠠᠭᠠᠳ | ᠦᠭᠡᠢ ᠨᠡᠪᠲᠡᠷᠡᠬᠦ ᠶᠢ ᠪᠠᠲᠤᠯᠠᠵᠤ᠂ | ᠬᠢᠵᠢᠭ ᠤᠨ ᠪᠠᠶᠢᠳᠠᠯ ᠤᠨ ᠳᠣᠣᠷ᠎ᠠ ᠠᠶᠤᠯ | ᠲᠦᠭᠰᠢᠭᠦᠷᠢ ᠲᠠᠢ ᠭᠠᠵᠠᠷ ᠣᠷᠣᠨ ᠠᠴᠠ | ᠢᠷᠡᠭᠰᠡᠨ ᠪᠠᠷᠠᠭᠠᠨ ᠤ ᠲᠡᠷᠭᠡ ᠶᠢᠨ | ᠨᠡᠪᠲᠡᠷᠡᠬᠦ ᠬᠢᠵᠠᠭᠠᠷᠯᠠᠯ ᠢ ᠬᠦᠴᠦᠨ ᠦᠭᠡᠢ | ᠪᠣᠯᠭᠠᠵᠤ᠂ ᠵᠦᠢ ᠵᠣᠬᠢᠰ ᠦᠭᠡᠢ ᠴᠢᠩᠭ᠎ᠠ | ᠬᠢᠵᠠᠭᠠᠷᠯᠠᠯ ᠵᠡᠷᠭᠡ ᠶᠢᠨ ᠲᠣᠭᠲᠠᠭᠠᠯ ᠪᠠ | ᠰᠦᠢᠳᠬᠡᠯ ᠬᠤᠷᠢᠶᠠᠬᠤ ᠶᠢ ᠴᠥᠮ ᠬᠦᠴᠦᠨ ᠦᠭᠡᠢ | ᠪᠣᠯᠭᠠᠨ᠎ᠠ᠃ ᠠᠶᠠᠨᠴᠢᠳ ᠪᠠ ᠪᠠᠷᠠᠭ᠎ᠠ | ᠲᠡᠭᠡᠭᠡᠪᠦᠷᠢ ᠶᠢᠨ ᠵᠢᠯᠣᠭᠤᠴᠢ ᠨᠠᠷ ᠲᠤ | ᠣᠨᠳᠣᠣ ᠭᠠᠵᠠᠷ ᠲᠤ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠳᠤ ᠰᠦᠢᠳᠬᠡᠯ | ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ | ᠠᠳᠠᠯᠢᠬᠠᠨ ᠬᠦᠷᠲᠡᠭᠡᠨ᠎ᠡ᠃ ᠠᠷᠠᠳ ᠤᠨ | ᠠᠭᠠᠷ ᠤᠨ ᠲᠡᠭᠡᠭᠡᠪᠦᠷᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠵᠢᠭᠡᠯᠡᠯᠭᠡ ᠶᠢ | 1500 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ | ᠠᠭᠠᠷ ᠤᠨ ᠲᠡᠭᠡᠭᠡᠪᠦᠷᠢ ᠶᠢᠨ ᠦᠢᠯᠡᠰ ᠤᠨ 2000 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠶᠢ ᠳᠡᠮᠵᠢᠨ᠎ᠡ᠃ | ᠤᠯᠤᠰ ᠤᠨ ᠳᠣᠲᠣᠭᠠᠳᠤ ᠭᠠᠳᠠᠭᠠᠳᠤ ᠶᠢᠨ | ᠠᠶᠠᠨᠴᠢᠨ ᠤ ᠲᠡᠭᠡᠭᠡᠪᠦᠷᠢ ᠶᠢᠨ | ᠡᠭᠡᠯᠵᠢ ᠶᠢᠨ ᠨᠢᠰᠬᠡᠯ ᠢ ᠡᠮᠬᠢ | ᠵᠢᠷᠤᠮ ᠲᠠᠢ ᠪᠠᠷ ᠨᠡᠮᠡᠭᠳᠡᠭᠦᠯᠵᠦ᠂ | ᠭᠠᠳᠠᠭᠠᠳᠤ ᠶᠢᠨ ᠠᠵᠤ ᠠᠬᠤᠶᠢᠯᠠᠯ ᠤᠨ | ᠠᠵᠢᠯᠲᠠᠨ ᠤ ᠣᠷᠣᠵᠤ ᠭᠠᠷᠬᠤ ᠳᠤ ᠳᠦᠭᠦᠮ | ᠦᠵᠡᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠳᠥᠷᠪᠡ ᠳᠤ᠂ ᠬᠡᠷᠡᠭᠯᠡᠭᠡ ᠪᠠ | ᠪᠦᠲᠦᠮᠵᠢᠲᠡᠶ ᠪᠡᠯᠡ ᠣᠷᠣᠭᠤᠯᠤᠯᠲᠠ ᠶᠢ | ᠠᠬᠢᠭᠤᠯᠤᠨ᠎ᠠ᠃ ᠮᠠᠰᠢᠨ ᠲᠡᠷᠭᠡ ᠬᠤᠳᠠᠯᠳᠤᠨ | ᠠᠪᠬᠤ ᠬᠢᠵᠠᠭᠠᠷᠯᠠᠯ ᠢ ᠠᠭᠤᠵᠢᠭᠤ ᠪᠣᠯᠭᠠᠵᠤ᠂ | ᠬᠡᠰᠡᠭ ᠰᠠᠭᠤᠳᠠᠯ ᠤᠨ ᠮᠠᠰᠢᠨ ᠲᠡᠷᠭᠡ | ᠬᠤᠳᠠᠯᠳᠤᠨ ᠠᠪᠬᠤ ᠭᠠᠶᠢᠯᠢ ᠶᠢ ᠱᠠᠲᠤᠴᠢ | ᠴᠢᠨᠠᠷᠲᠠᠢ ᠪᠠᠷ 600 ᠳ᠋ᠦᠩᠰᠢᠭᠤᠷ ᠲᠥᠭᠦᠷᠢᠭ | ᠬᠥᠩᠭᠡᠯᠡᠨ ᠲᠠᠲᠠᠪᠤᠷᠢᠯᠠᠨ᠎ᠠ᠃ ᠬᠤᠳᠠ ᠶᠢᠨ | ᠪᠠᠶᠢᠳᠠᠯ ᠳᠤ ᠨᠢ ᠲᠣᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠬᠦ ᠳᠤ ᠪᠠᠨ | ᠴᠢᠩᠳᠠᠯᠢᠭ ᠬᠦᠴᠦᠯᠡᠴᠡ ᠪᠠ | ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ | ᠬᠢᠨᠠᠨ ᠵᠥᠪᠰᠢᠶᠡᠷᠡᠯ ᠢ ᠰᠢᠯᠢᠳᠡᠭᠵᠢᠭᠦᠯᠵᠦ᠂ | ᠨᠢᠭᠡ ᠪᠦᠯᠦᠭ ᠤᠰᠤᠨ ᠠᠰᠢᠭᠯᠠᠯᠲᠠ ᠢᠯᠠᠩᠭᠤᠶ᠎ᠠ | ᠲᠣᠮᠣ ᠬᠡᠯᠪᠡᠷᠢ ᠶᠢᠨ ᠤᠰᠤ ᠲᠠᠲᠠᠬᠤ | ᠤᠰᠤᠯᠠᠯᠲᠠ᠂ ᠵᠠᠮ ᠬᠠᠷᠢᠯᠴᠠᠭ᠎ᠠ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠬᠦ᠂ ᠭᠠᠵᠠᠷ ᠳᠣᠣᠷᠠᠬᠢ | ᠶᠡᠷᠦᠩᠬᠡᠶᠢᠯᠡᠭᠰᠡᠨ ᠬᠤᠭᠤᠯᠠᠢ ᠶᠢᠨ | ᠬᠤᠩᠭᠢᠯ ᠵᠡᠷᠭᠡ ᠲᠥᠷᠥᠯ ᠵᠦᠢᠯ ᠢ ᠰᠢᠨ᠎ᠡ ᠪᠠᠷ | ᠡᠬᠢᠯᠡᠭᠦᠯᠵᠦ᠂ ᠪᠠᠩᠬᠢ ᠶᠢ ᠬᠥᠲᠥᠯᠥᠨ | ᠵᠢᠯᠤᠭᠤᠳᠴᠤ ᠪᠠᠶᠢᠭᠠᠳ ᠬᠡᠪᠴᠢᠶᠡᠵᠢᠯ ᠤᠨ | ᠴᠢᠨᠠᠷᠲᠠᠢ ᠤᠷᠳᠤ ᠬᠤᠭᠤᠴᠠᠭᠠᠨ ᠤ | ᠵᠢᠭᠡᠯᠡᠯᠭᠡ ᠬᠠᠩᠭᠠᠯᠭᠠᠨ᠎ᠠ᠃ ᠰᠢᠨ᠎ᠡ ᠨᠢᠭᠡᠨ | ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠨ ᠰᠢᠨᠡᠳᠬᠡᠬᠦ ᠠᠵᠢᠯ ᠢ | ᠡᠬᠢᠯᠡᠭᠦᠯᠦᠨ᠎ᠡ᠃ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ 3000 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠨ᠎ᠡ᠃ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ | ᠡᠷᠴᠢᠮ ᠢ ᠴᠢᠩᠭᠠᠷᠠᠭᠤᠯᠤᠨ᠎ᠠ᠃ ᠲᠠᠪᠤ ᠳᠤ᠂ | ᠡᠨᠧᠷᠭᠢ ᠶᠢᠨ ᠰᠤᠷᠪᠤᠯᠵᠢ ᠶᠢᠨ ᠠᠮᠤᠷ | ᠲᠦᠪᠰᠢᠨ ᠢ ᠪᠠᠲᠤᠯᠠᠨ᠎ᠠ᠃ ᠣᠷᠣᠨ ᠨᠤᠲᠤᠭ ᠤᠨ | ᠨᠡᠭᠦᠷᠡᠰᠦᠨ ᠤ ᠭᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠨᠡᠭᠦᠷᠡᠰᠦᠨ ᠠᠭᠤᠷᠬᠠᠢ ᠶᠢᠨ ᠭᠠᠷᠤᠯᠲᠠ ᠶᠢ | ᠴᠥᠮ᠎ᠡ ᠶᠢᠨ ᠠᠷᠭ᠎ᠠ ᠪᠠᠷ ᠨᠡᠮᠡᠭᠳᠡᠭᠦᠯᠬᠦ | ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ | ᠬᠢᠵᠦ᠂ ᠨᠡᠭᠦᠷᠡᠰᠦᠨ ᠠᠭᠤᠷᠬᠠᠢ ᠶᠢᠨ | ᠭᠠᠷᠤᠯᠲᠠ ᠶᠢ ᠪᠠᠲᠤᠯᠠᠬᠤ ᠭᠠᠷᠳᠠᠮ ᠢ | ᠲᠥᠷᠭᠡᠳᠬᠡᠨ ᠭᠦᠢᠴᠡᠳᠬᠡᠨ᠎ᠡ᠃ ᠪᠠᠰᠠ ᠨᠢᠭᠡ | ᠪᠦᠯᠦᠭ ᠤᠰᠤᠨ ᠴᠠᠬᠢᠯᠭᠠᠨ ᠢᠯᠴᠢ ᠶᠢᠨ | ᠴᠠᠬᠢᠯᠭᠠᠨ ᠵᠡᠷᠭᠡ ᠡᠨᠧᠷᠭᠢ ᠶᠢᠨ | ᠰᠤᠷᠪᠤᠯᠵᠢ ᠶᠢᠨ ᠲᠥᠷᠥᠯ ᠵᠦᠢᠯ ᠤᠨ ᠠᠵᠢᠯ ᠢ | ᠡᠬᠢᠯᠡᠭᠦᠯᠦᠨ᠎ᠡ᠃ ᠵᠢᠷᠭᠤᠭ᠎ᠠ ᠳᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠨ᠎ᠠ᠃ ᠠᠵᠢᠯ | ᠠᠯᠳᠠᠯᠲᠠ ᠶᠢᠨ ᠪᠠᠲᠤᠯᠠᠭ᠎ᠠ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ | ᠬᠦᠴᠢᠷᠳᠡᠯ ᠲᠠᠢ ᠤᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ | ᠰᠠᠶᠢᠲᠤᠷ ᠬᠢᠨ᠎ᠡ᠃ ᠪᠠᠶᠢᠳᠠᠯ ᠳᠤ ᠨᠢ | ᠲᠣᠬᠢᠷᠠᠭᠤᠯᠤᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠶᠢ | ᠪᠠᠷᠠᠭᠠᠨ ᠤ ᠦᠨ᠎ᠡ ᠶᠢᠨ ᠥᠰᠦᠯᠲᠡ ᠲᠠᠢ | ᠬᠤᠯᠪᠣᠯᠳᠤᠭᠤᠯᠬᠤ ᠲᠣᠭᠲᠠᠴᠠ ᠶᠢ ᠴᠠᠭ | ᠲᠤᠬᠠᠢ ᠳᠤ ᠨᠢ ᠬᠡᠷᠡᠭᠵᠢᠭᠦᠯᠦᠨ᠎ᠡ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ | ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠲᠤᠯᠭᠠᠮᠳᠠᠭᠤ ᠰᠡᠳᠬᠢᠯᠭᠡ ᠪᠠᠨ | ᠴᠢᠩᠭᠠᠳᠬᠠᠵᠤ᠂ ᠴᠢᠩᠭ᠎ᠠ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ | ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠯᠢ ᠤᠯᠠᠨ ᠠᠷᠭ᠎ᠠ ᠬᠡᠮᠵᠢᠶ᠎ᠡ ᠶᠢ | ᠠᠯᠢ ᠲᠦᠷᠭᠡᠨ ᠢᠶᠠᠷ ᠵᠦᠢᠯ ᠳᠠᠷᠠᠭᠠᠯᠠᠨ | ᠨᠠᠷᠢᠯᠢᠭᠵᠢᠭᠤᠯᠬᠤ ᠶᠢᠨ ᠬᠠᠮᠲᠤ ᠨᠡᠶᠢᠲᠡᠯᠡᠨ | ᠬᠡᠷᠡᠭᠵᠢᠭᠦᠯᠬᠦ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠣᠷᠣᠨ | ᠨᠤᠲᠤᠭ ᠤᠨ ᠠᠵᠤ ᠠᠬᠤᠢ ᠶᠢ ᠲᠣᠭᠲᠠᠭᠤᠨ | ᠪᠠᠶᠢᠯᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠤᠨ | ᠪᠠᠶᠢᠴᠠᠭᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠠᠴᠠ ᠪᠣᠳᠠᠲᠤ ᠪᠠᠶᠢᠳᠠᠯ ᠳᠤ ᠪᠠᠨ | ᠨᠡᠶᠢᠴᠡᠭᠰᠡᠨ ᠠᠵᠤ ᠠᠬᠤᠢ ᠶᠢ ᠲᠣᠭᠲᠠᠭᠤᠨ | ᠪᠠᠶᠢᠯᠭᠠᠬᠤ ᠲᠦᠷᠦ ᠶᠢᠨ ᠪᠣᠳᠣᠯᠭ᠎ᠠ ᠶᠢ ᠠᠯᠢ | ᠲᠥᠷᠭᠡᠨ ᠢᠶᠠᠷ ᠨᠡᠶᠢᠲᠡᠯᠡᠬᠦ ᠬᠡᠷᠡᠭᠲᠡᠢ | ᠭᠡᠵᠡᠢ᠃ | | | |