ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠵᠣᠨ ᠤ ᠤᠯᠠᠷᠢᠯ ᠤᠨ ᠮᠠᠯᠴᠢᠨ ᠲᠠᠷᠢᠶᠠᠴᠢᠨ ᠤ ᠲᠤᠰᠬᠠᠢ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2022/5/26
      5 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠭᠤᠷᠪᠠᠳᠤᠭᠠᠷ ᠬᠤᠭᠤᠴᠠᠭᠠᠨ ᠤ  ᠲᠠᠷᠢᠶᠠᠨ ᠴᠢᠬᠢ ᠰᠠᠭᠤᠯᠭᠠᠬᠤ ᠪᠠᠶᠠᠷ ᠵᠢᠴᠢ ᠬᠢᠩᠭᠠᠨ ᠤ ︽ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠥᠭᠦᠯᠡᠬᠦ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ 2022 ᠣᠨ ᠤ ᠵᠣᠨ ᠤ ᠤᠯᠠᠷᠢᠯ ᠤᠨ ᠮᠠᠯᠴᠢᠨ ᠲᠠᠷᠢᠶᠠᠴᠢᠨ ᠤ ᠲᠤᠰᠬᠠᠢ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ᠃      ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠶ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ ᠳᠡᠭᠡᠳᠦ ᠰᠤᠷᠭᠠᠭᠤᠯᠢ  ᠠᠴᠠ ᠲᠡᠭᠦᠰᠦᠭᠰᠡᠨ ᠮᠠᠯᠴᠢᠨ ᠲᠠᠷᠢᠶᠠᠴᠢᠨ ᠢᠳᠡᠪᠬᠢᠲᠡᠢ ᠪᠠᠷ ᠨᠡᠷ᠎ᠡ ᠮᠡᠳᠡᠭᠦᠯᠵᠡᠢ᠃ ᠣᠯᠠᠨ ᠢᠶᠠᠷ ᠢᠶᠠᠨ ᠲᠣᠪᠴᠢ ᠨᠠᠮᠲᠠᠷ ᠢᠶᠠᠨ ᠠᠪᠴᠤ᠂ ᠠᠵᠤ ᠠᠬᠤᠶᠢᠯᠠᠯ ᠤᠨ ᠴᠠᠯᠢᠩ ᠬᠥᠯᠥᠰᠦ᠂ ᠠᠵᠢᠯ ᠤᠨ ᠣᠷᠴᠢᠨ ᠲᠣᠭᠤᠷᠢᠨ ᠵᠡᠷᠭᠡ ᠪᠠᠶᠢᠳᠠᠯ  ᠢ ᠨᠠᠷᠢᠨ ᠣᠶᠢᠯᠠᠭᠠᠵᠤ᠂ ᠵᠠᠷᠢᠮ ᠨᠢ ᠮᠠᠰᠢ ᠲᠦᠷᠭᠡᠨ  ᠢᠶᠠᠷ ᠠᠵᠢᠯᠲᠠᠨ ᠡᠯᠰᠡᠬᠦ ᠠᠵᠤ ᠠᠬᠤᠶᠢᠯᠠᠯ ᠲᠠᠢ ᠰᠠᠨᠠᠯ ᠨᠢᠭᠡᠳᠴᠦ᠂ ᠲᠤᠬᠠᠢ  ᠶᠢᠨ ᠲᠠᠯᠠᠪᠤᠷ ᠲᠤ ᠠᠵᠢᠯ ᠣᠯᠭᠤᠬᠤ ᠭᠡᠷ᠎ᠡ ᠲᠣᠭᠲᠠᠭᠰᠠᠨ ᠪᠠᠶᠢᠨ᠎ᠠ᠃       ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠪᠠᠰᠠ ᠲᠤᠰᠬᠠᠶᠢᠯᠠᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠵᠥᠪᠯᠡᠯᠭᠡ ᠥᠭᠬᠦ ᠲᠠᠪᠴᠠᠩ ᠭᠠᠷᠭᠠᠵᠤ᠂ ᠵᠥᠪᠯᠡᠯᠭᠡ ᠥᠭᠬᠦ ᠪᠠᠷ ᠢᠷᠡᠭᠰᠡᠨ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠪᠠ ᠮᠠᠯᠴᠢᠨ ᠲᠠᠷᠢᠶᠠᠴᠢᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠲᠣᠰ ᠭᠠᠵᠠᠷ ᠤᠨ ᠠᠵᠤ ᠠᠬᠤᠶᠢᠯᠠᠯ 20᠂ ᠪᠡᠭᠡᠵᠢᠩ ᠤᠨ ᠠᠵᠤ ᠠᠬᠤᠶᠢᠯᠠᠯ 10 ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠤᠷᠢᠵᠤ᠂ ᠠᠮᠤᠷ ᠢ ᠬᠠᠮᠠᠭᠠᠯᠠᠬᠤ᠂ ᠴᠠᠬᠢᠯᠭᠠᠨ ᠤ ᠠᠵᠢᠯᠴᠢᠨ᠂ ᠰᠠᠷ᠎ᠠ ᠠᠰᠠᠷᠠᠭᠴᠢ ᠵᠡᠷᠭᠡ ᠡᠯ᠎ᠡ ᠲᠥᠷᠥᠯ ᠤᠨ ᠠᠵᠢᠯ ᠤᠨ ᠪᠠᠶᠢᠷᠢ 1200 ᠶᠢ ᠬᠠᠩᠭᠠᠵᠤ᠂ ᠲᠤᠬᠠᠢ ᠶᠢᠨ ᠲᠠᠯᠠᠪᠤᠷ ᠲᠤ ᠠᠵᠢᠯ ᠡᠷᠢᠭᠰᠡᠳ 400 ᠭᠠᠷᠤᠢ ᠪᠣᠯᠵᠤ᠂ 21 ᠬᠥᠮᠥᠨ ᠠᠩᠬ᠎ᠠ ᠠᠯᠬᠤᠮ ᠠᠵᠢᠯ ᠣᠯᠬᠤ ᠰᠠᠨᠠᠭ᠎ᠠ ᠲᠠᠢ ᠪᠣᠯᠤᠭᠰᠠᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠡᠯ᠎ᠡ ᠲᠥᠷᠥᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠦᠷᠭᠦᠯᠵᠢᠯᠡᠨ ᠨᠡᠶᠢᠲᠡᠯᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠨᠠᠩ ᠰᠠᠶᠢᠲᠤᠷ ᠠᠬᠢᠭᠤᠯᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠣᠯᠠᠨ ᠲᠦᠮᠡᠨ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠬᠤ ᠶᠢ ᠨᠠᠩ ᠬᠦᠴᠦᠲᠡᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号