ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/31
    2022053108574834702.jpg
     5 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠲᠤᠸ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠬᠦ ᠪᠠ ᠦᠨᠳᠦᠰᠦᠨ ᠱᠠᠲᠤᠨ ᠤ ᠵᠥᠪᠳᠡᠯᠴᠡᠬᠦ ᠶᠢ ᠪᠦᠲᠦᠮᠵᠢᠲᠡᠶ ᠵᠣᠯᠭᠠᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠰᠢᠶᠣᠣ ᠵᠢᠩ︾ ᠭᠡᠰᠢᠭᠦᠨ ᠤ ᠠᠵᠢᠯ ᠤᠨ ᠲᠠᠰᠤᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠢᠯ ᠤᠨ ᠲᠠᠰᠤᠭ ᠤᠨ ᠪᠦᠷᠢᠯᠳᠦᠭᠦᠨ᠂ ᠡᠵᠡᠩᠨᠡᠯᠲᠡ ᠶᠢᠨ ᠵᠠᠭᠪᠤᠷ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢᠩ ᠺᠧ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠲᠤ ᠰᠠᠭᠤᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠨᠡᠶᠢᠭᠡᠮ ᠲᠣᠭᠤᠷᠢᠭ ᠤᠨ ︽ᠲᠦᠷᠪᠡᠨ ᠨᠢᠭᠡ ︾ ᠶᠢᠨ ᠦᠨᠳᠦᠰᠦᠨ ᠱᠠᠲᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠤᠬᠠᠭᠤᠯᠭ᠎ᠠ ᠶᠢᠨ ᠹᠢᠯᠢᠮ ᠢ ᠦᠵᠡᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠪᠠ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠ ᠣᠯᠣᠭᠰᠠᠨ ᠠᠮᠵᠢᠯᠲᠠ ᠶᠢ ᠨᠤᠲᠠᠯᠠᠵᠠᠢ᠃  ᠲᠡᠷᠠ ᠵᠢᠭᠠᠵᠤ ᠭᠠᠷᠭᠠᠭᠰᠠᠨ ᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠪᠠ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠬᠤ ᠠᠵᠢᠯ ᠨᠢ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ ᠠᠷᠭ᠎ᠠ ᠵᠠᠮ ᠢ ᠥᠷᠭᠡᠳᠬᠡᠵᠦ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠠᠪᠴᠠᠩ ᠪᠠᠶᠢᠭᠤᠯᠤᠨ ᠥᠭᠴᠦ᠂ ᠨᠠᠩ ᠴᠤ ᠥᠷᠭᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠬᠦᠰᠡᠯ ᠰᠠᠨᠠᠭ᠎ᠠ ᠪᠠᠨ ᠲᠤᠰᠬᠠᠬᠤ᠂ ᠠᠰᠢᠭ ᠲᠤᠰᠠ ᠪᠠᠨ ᠪᠡᠶᠡᠯᠡᠭᠦᠯᠬᠦ ᠳᠤ ᠲᠠᠪᠴᠠᠩ ᠬᠠᠩᠭᠠᠭᠰᠠᠨ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠲᠤᠷᠰᠢᠯᠭ᠎ᠠ ᠪᠠᠨ ᠴᠢᠨᠠᠭᠰᠢᠳᠠ ᠳ᠋ᠦᠩᠨᠡᠵᠦ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠪᠣᠯᠣᠨ ᠦᠨᠳᠦᠰᠦᠨ ᠱᠠᠲᠤᠨ ᠤ ᠵᠥᠪᠯᠡᠯᠭᠡᠨ ᠤ ᠪᠦᠲᠦᠮᠵᠢᠲᠡᠢ ᠵᠣᠯᠭᠠᠯᠴᠠᠭ᠎ᠠ ᠶᠢ ᠨᠡᠩ ᠰᠠᠶᠢᠲᠤᠷ ᠪᠡᠶᠡᠯᠡᠭᠦᠯᠵᠦ᠂ ᠦᠨᠳᠦᠰᠦᠨ ᠱᠠᠲᠤᠨ ᠤ ᠵᠥᠪᠯᠡᠯᠭᠡᠨ ᠤ ᠲᠠᠪᠴᠠᠩ ᠢ ᠦᠨᠡᠨᠬᠦ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠰᠠᠶᠢᠨ ᠬᠠᠪᠰᠤᠷᠤᠭᠴᠢ︾᠂ ᠠᠷᠠᠳ ᠤᠯᠠᠨ ᠤ ︽ᠰᠡᠳᠬᠢᠯ ᠢᠶᠠᠨ ᠬᠤᠯᠪᠣᠬᠤ ᠬᠥᠭᠦᠷᠭᠡ︾᠂ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠰᠢᠨ᠎ᠡ ᠲᠠᠪᠴᠠᠩ︾ ᠪᠣᠯᠭᠠᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃       ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠪᠠ ᠰᠣᠶᠣᠯ ᠲᠡᠦᠬᠡ ᠶᠢᠨ ᠮᠠᠲ᠋ᠧᠷᠢᠶᠠᠯ ᠤᠨ ᠵᠥᠪᠯᠡᠯ ᠤᠨ ᠡᠷᠬᠢᠯᠡᠭᠴᠢ ᠭᠦᠸᠧ ᠸᠧᠨ ᠭᠧ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠬᠠᠮᠲᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号