ᠪᠤᠳᠠᠰ ᠤᠨ ᠪᠤᠰᠤ ᠰᠤᠶᠤᠯ ᠤᠨ ᠦᠪ ᠪᠤᠯᠬᠤ ᠵᠠᠰᠠᠭᠲᠤ ᠬᠤᠷᠢᠮ ᠤᠨ ᠵᠠᠩ ᠦᠢᠯᠡ ᠶᠢᠨ ᠥᠪᠯᠡᠨ ᠤᠯᠠᠮᠵᠢᠯᠠᠭᠴᠢ — ᠡᠷᠬᠢᠮᠪᠠᠶᠠᠷ
ᠨᠡᠶᠢᠲᠡᠯᠡᠭᠰᠡᠨ ᠴᠠᠭ᠄
2022/6/13
微信图片_20220613164550.jpg
微信图片_20220613164555.jpg
ᠰᠤᠷᠪᠤᠯᠵᠢᠯᠠᠭᠴᠢ᠄ ᠤᠶᠠᠩᠭᠠᠲᠤ    ᠡᠷᠬᠢᠮᠪᠠᠶᠠᠷ᠂ ᠡᠷᠡᠭᠲᠡᠢ᠂ ᠮᠣᠩᠭᠤᠯ ᠦᠨᠳᠦᠰᠦᠲᠡᠨ᠂ 1963 ᠣᠨ ᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠨᠢᠭᠡᠳᠦᠯ ᠤᠨ ᠡᠩ ᠤᠨ ᠮᠠᠯᠴᠢᠨ ᠤ ᠭᠡᠷ ᠲᠤ ᠲᠦᠷᠦᠵᠠᠢ ᠃ ᠲᠡᠷᠡ ᠡᠬᠡ ᠬᠡᠯᠡᠨ ᠤ ᠪᠠᠨ ᠤᠭᠤᠷᠠᠭ ᠰᠢᠮ᠎ᠡ ᠶᠢ ᠬᠦᠷᠳᠡᠨ ᠰᠤᠷᠭᠠᠭᠤᠯᠢ ᠶᠢᠨ ᠡᠭᠦᠳᠡ ᠶᠢ ᠠᠯᠬᠤᠨ᠂ ᠬᠥᠮᠥᠨ ᠪᠤᠯᠬᠤ ᠶᠢᠨ ᠠᠩᠬᠠᠨ ᠤ ᠭᠠᠷᠤᠭ᠎ᠠ ᠶᠢ ᠠᠪᠴᠤ ᠶᠠᠪᠤᠬᠤ ᠳᠤ ᠪᠠᠨ1981 ᠣᠨ ᠳᠤ ᠪᠠᠭᠰᠢ ᠶᠢᠨ ᠠᠯᠪᠠᠨ ᠳᠤ ᠭᠠᠷᠴᠤ᠂ 1989 —1992 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠤ ᠤᠳᠠ  ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠵᠠᠬᠢᠳᠠᠯ ᠢᠶᠠᠷ ᠰᠤᠷᠬᠤ ᠠᠩᠭᠢ ᠳᠤ ᠰᠤᠷᠤᠯᠴᠠᠨ ᠥᠨᠳᠥᠷ ᠬᠢᠷᠢ ᠪᠦᠳᠦᠮᠵᠢ ᠪᠠᠷ ᠰᠤᠷᠤᠯᠭ᠎ᠠ ᠪᠠᠨ ᠲᠡᠭᠦᠰᠬᠡᠪᠡ᠃     ᠡᠷᠬᠢᠮᠪᠠᠶᠠᠷ ᠪᠣᠯ ᠵᠠᠰᠠᠭᠲᠤ ᠬᠤᠷᠢᠮ ᠤᠨ ᠲᠥᠯᠥᠭᠡᠯᠡᠭᠴᠢ ᠬᠥᠲᠥᠯᠥᠭᠴᠢ ᠶᠢᠨ ᠨᠢᠭᠡ ᠮᠥᠨ᠃ ᠲᠡᠷᠡ ᠬᠠᠷᠠᠬᠠᠨ ᠪᠠᠭ᠎ᠠ ᠠᠴᠠ ᠪᠠᠨ ᠦᠨᠳᠦᠰᠦᠲᠡᠨ ᠤ ᠰᠣᠶᠣᠯ ᠳᠤ ᠪᠠᠨ ᠬᠠᠶᠢᠷᠠᠲᠠᠢ ᠪᠠᠶᠢᠵᠤ᠂ ᠬᠤᠷᠴᠢᠨ ᠨᠤᠲᠤᠭ ᠤᠨ ᠰᠣᠶᠣᠯ ᠪᠣᠯᠬᠤ ᠵᠠᠰᠠᠭᠲᠤ ᠬᠤᠷᠢᠮ ᠤᠨ ᠬᠤᠷᠢᠨ ᠲᠦᠷᠪᠡᠨ ᠶᠣᠰᠣᠨ ᠳᠤ ᠴᠠᠭᠠᠷᠠᠵᠤ᠂ ᠬᠤᠷᠢᠮ ᠤᠨ ᠡᠮᠬᠢ ᠵᠢᠷᠤᠮ᠂ ᠬᠤᠷᠢᠮ ᠤᠨ ᠢᠷᠦᠭᠡᠯ ᠮᠠᠭᠲᠠᠭᠠᠯ᠂ ᠣᠷᠤᠭ ᠬᠤᠷᠢᠮ ᠤᠨ ᠳᠠᠭᠤᠤ ᠳᠤ ᠮᠡᠷᠭᠡᠰᠢᠭᠰᠡᠨ ᠪᠠᠶᠢᠨ᠎ᠠ᠃     ᠲᠡᠷᠡ ᠤᠯᠠᠭᠠᠨᠮᠣᠳᠤ ᠶᠢᠨ ᠲᠠᠯ᠎ᠠ ᠨᠤᠲᠤᠭ ᠲᠤ ᠲᠣᠭᠠᠯᠠᠰᠢ ᠦᠭᠡᠢ ᠤᠯᠠᠨ ᠠᠮᠠᠷᠠᠭ ᠬᠤᠣᠰ ᠤᠨ ᠬᠤᠷᠢᠮ ᠨᠠᠶᠢᠷ ᠢ ᠬᠥᠲᠥᠯᠵᠦ᠂ ᠦᠨᠳᠦᠰᠦᠲᠡᠨ ᠤ ᠰᠣᠶᠣᠯ ᠢᠶᠠᠷ ᠤᠶᠤᠨ ᠢᠶᠠᠨ ᠤᠮᠳᠠᠯᠠᠵᠤ᠂ ᠥᠷᠭᠡᠨ ᠤᠯᠠᠨ ᠢᠶᠠᠨ ᠪᠠᠶᠠᠰᠬᠠᠵᠤ ᠶᠠᠪᠤᠬᠤ ᠳᠤ ᠪᠠᠨ ᠦᠢᠯᠡᠰ ᠤᠨ ᠨᠠᠷᠠᠨ ᠭᠡᠶᠢᠵᠦ᠂ 2014 ᠣᠨ ᠤ 4 ᠰᠠᠷ᠎ᠠ ᠳᠤ ᠬᠢᠩᠭᠠᠨ ᠠᠶᠢᠮᠠᠭ  ᠤᠨ ᠪᠣᠳᠠᠰ ᠤᠨ ᠪᠤᠰᠤ ᠰᠣᠶᠣᠯ ᠤᠨ ᠥᠪ ᠤᠨ ᠵᠠᠰᠠᠭᠲᠤ ᠬᠤᠷᠢᠮ ᠤᠨ ᠵᠠᠩ ᠦᠢᠯᠡ ᠶᠢᠨ ᠥᠪᠯᠡᠨ ᠤᠯᠠᠮᠵᠢᠯᠠᠭᠴᠢ  ᠶᠢᠨ ᠢᠷᠠᠭᠤ ᠠᠯᠳᠠᠷ ᠢ ᠬᠦᠷᠳᠡᠪᠡ᠃ ᠡᠷᠬᠢᠮᠪᠠᠶᠠᠷ ᠵᠠᠰᠠᠭᠲᠤ ᠬᠤᠷᠢᠮ ᠤᠨ ᠬᠥᠲᠥᠯᠥᠭᠴᠢ ᠲᠡᠳᠦᠢ ᠪᠢᠰᠢ᠂ ᠣᠷᠣᠨ ᠨᠤᠲᠤᠭ ᠤᠨ ᠨᠠᠶᠢᠷ ᠨᠠᠭᠠᠳᠤᠮ ᠤᠨ ᠬᠥᠲᠥᠯᠥᠭᠴᠢ᠂ ᠠᠭᠤᠯᠠ ᠣᠪᠣᠭᠠᠨ ᠳᠠᠬᠢᠯᠭ᠎ᠠ ᠶᠢᠨ ᠳᠠᠭᠠᠭᠠᠮᠠᠯ ᠵᠡᠷᠭᠡ ᠶᠢᠨ ᠬᠠᠮᠲᠤ ᠶᠢᠨ ᠤᠶᠢᠯᠡ ᠶᠢᠨ ᠭᠠᠪᠰᠢᠭᠠᠶᠢᠯᠠᠭᠴᠢ ᠮᠥᠨ᠃ ᠲᠡᠷᠡ 1981 ᠣᠨ ᠠᠴᠠ ᠨᠠᠭᠠᠰᠢ ᠤᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠨᠢᠭᠡᠳᠦᠯ ᠤᠨ ᠰᠢᠪᠠᠷᠲᠠᠢ ᠶᠡᠭᠡ ᠪᠠᠷᠢᠭᠠᠳᠠ᠂ ᠰᠠᠷᠠᠨᠳᠠᠢ ᠶᠡᠭᠡ ᠪᠠᠷᠢᠭᠠᠳᠠ᠂ ᠥᠪᠥᠷᠵᠢᠯᠠᠭ᠎ᠠ ᠶᠡᠭᠡ ᠪᠠᠷᠢᠭᠠᠳᠠ ᠵᠡᠷᠭᠡ ᠭᠠᠵᠠᠷ ᠤᠳ ᠤᠨ ᠰᠤᠷᠭᠠᠭᠤᠯᠢ ᠳᠤ ᠪᠠᠭᠰᠢᠯᠠᠵᠤ᠂ ᠮᠠᠯᠴᠢᠨ ᠲᠦᠮᠡᠨ ᠤ ᠪᠠᠨ ᠳᠤᠮᠳᠠ ᠠᠴᠠ ᠬᠤᠷᠴᠢᠨ ᠨᠤᠲᠤᠭ ᠤᠨ ᠵᠠᠩ ᠦᠢᠯᠡ ᠶᠢᠨ ᠠᠯᠢ ᠤᠯᠠᠨ ᠪᠠᠶᠠᠯᠢᠭ ᠰᠠᠶᠢᠬᠠᠨ ᠰᠣᠶᠣᠯ ᠤᠨ ᠥᠪ ᠤᠯᠠᠮᠵᠢᠯᠠᠯ ᠢ ᠤᠶᠤᠨ ᠲᠠᠷᠢᠬᠢᠨ ᠳᠤ ᠪᠠᠨ ᠰᠢᠮᠡᠳᠬᠡᠨ ᠠᠭᠤᠰᠬᠠᠵᠤ᠂ ᠵᠠᠰᠠᠭᠲᠤ ᠬᠤᠷᠢᠮ ᠤᠨ ᠰᠣᠶᠣᠯ ᠰᠤᠳᠤᠯᠭᠠᠨ ᠤ ᠪᠠᠨ ᠰᠠᠭᠤᠷᠢ ᠪᠣᠯᠭᠠᠵᠠᠢ᠃ ᠬᠤᠵᠢᠮ ᠨᠢ ᠤᠯᠠᠭᠠᠨᠮᠣᠳᠤ ᠪᠠᠭ᠎ᠠ ᠰᠤᠷᠭᠠᠭᠤᠯᠢ  ᠳᠤ ᠪᠠᠭᠰᠢᠯᠠᠭᠰᠠᠨ ᠬᠤᠭᠤᠴᠠᠭᠠᠨ ᠳᠤ ᠪᠠᠨ ᠠᠵᠢᠯ ᠤᠨ ᠴᠢᠯᠦᠭᠡ ᠪᠠᠷ ᠨᠤᠨ ᠬᠤᠷᠴᠢᠨ ᠤ ᠪᠦᠷᠢᠯᠳᠦᠭᠦᠨ ᠪᠣᠯᠤᠭᠰᠠᠨ ᠵᠠᠰᠠᠭᠲᠤ ᠬᠤᠷᠴᠢᠨᠴᠤᠳ ᠤᠨ ᠲᠤᠬᠠᠢ ᠲᠡᠦᠬᠡ ᠶᠢᠨ ᠤᠯᠪᠠᠭ᠎ᠠ ᠬᠠᠶᠢᠵᠤ᠂ ᠰᠣᠶᠣᠯ ᠤᠨ ᠥᠪ ᠢ ᠵᠠᠯᠭᠠᠮᠵᠢᠯᠠᠬᠤ ᠶᠢ ᠬᠢᠴᠢᠶᠡᠭᠰᠡᠨ ᠲᠡᠳᠦᠢ ᠪᠢᠰᠢ᠂ ᠪᠣᠳᠠᠲᠤ ᠦᠢᠯᠡᠳᠦᠯᠭᠡ ᠶᠢᠨ ᠳᠤᠮᠳᠠ ᠪᠠᠨ ᠣᠣᠷ ᠰᠣᠶᠣᠯ ᠢᠶᠠᠨ ᠰᠡᠷᠭᠦᠭᠡᠨ ᠬᠥᠭᠵᠢᠭᠦᠯᠬᠦ ᠠᠯᠬᠤᠮ ᠢᠶᠠᠨ ᠠᠯᠬᠤᠭᠰᠠᠨ ᠪᠠᠶᠢᠳᠠᠭ᠃    ᠡᠷᠬᠢᠮᠪᠠᠶᠠᠷ ᠵᠠᠰᠠᠭᠲᠤ ᠬᠤᠰᠢᠭᠤᠨ ᠤ ᠣᠷᠣᠨ ᠨᠤᠲᠤᠭ ᠤᠨ ᠰᠣᠶᠣᠯ ᠤᠨ ᠡᠷᠳᠡᠨᠢᠰ ᠤᠨ ᠰᠠᠩ ᠳᠤ ᠵᠠᠰᠠᠭᠲᠤ ᠬᠤᠷᠢᠮ ᠨᠢ ᠮᠠᠰᠢ ᠴᠢᠬᠤᠯᠠ ᠪᠦᠷᠢᠯᠳᠦᠭᠦᠨ ᠪᠤᠯᠳᠠᠭ ᠢ ᠤᠬᠠᠵᠤ ᠮᠡᠳᠡᠨ᠂ ᠤᠳᠤ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ᠂ ᠲᠣᠬᠤᠮ ᠰᠤᠮᠤ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠮᠣᠩᠭᠤᠯᠴᠤᠳ ᠤᠨ ᠬᠤᠷᠢᠮ ᠨᠠᠶᠢᠷ ᠤᠨ ᠰᠢᠯᠦᠭᠴᠢ᠂ ᠢᠷᠦᠭᠡᠯ ᠮᠠᠭᠲᠠᠭᠠᠯᠴᠢ᠂ ᠠᠷᠠᠳ ᠤᠨ ᠳᠠᠭᠤᠴᠢᠨ᠂ ᠵᠠᠩ ᠤᠶᠢᠯᠡ ᠶᠢᠨ ᠵᠥᠪᠯᠡᠭᠴᠢ ᠵᠡᠷᠭᠡ ᠠᠯᠢ ᠤᠯᠠᠨ ᠤᠷ᠎ᠠ ᠠᠪᠢᠶᠠᠰ ᠲᠠᠢ ᠪᠣᠯᠵᠤ ᠴᠠᠭᠠᠷᠠᠭᠰᠠᠨ ᠪᠠᠶᠢᠨ᠎ᠠ᠃    ᠲᠡᠷᠡ ᠤᠷ᠎ᠠ ᠠᠪᠢᠶᠠᠰ ᠢᠶᠠᠨ ᠪᠠᠳᠠᠷᠠᠭᠤᠯᠤᠨ 2016 ᠣᠨ ᠤ 10 ᠰᠠᠷ᠎ᠠ ᠳᠤ ︽ᠵᠠᠰᠠᠭᠲᠤ ᠬᠤᠷᠢᠮ︾ ᠭᠡᠬᠦ ᠵᠦᠴᠦᠭᠡ ᠶᠢᠨ ᠵᠣᠬᠢᠶᠠᠯ ᠪᠢᠴᠢᠵᠦ᠂ ᠳᠤᠰ ᠵᠢᠯ ᠳᠤ ᠥᠪᠥᠷ ᠮᠣᠩᠭᠤᠯ ᠤᠨ ᠮᠣᠩᠭᠤᠯ ᠣᠳᠣᠨ ᠲᠧᠯᠸᠢᠰ ᠠᠴᠠ 12 ᠪᠦᠯᠦᠭᠲᠦ ᠦᠷᠬᠦᠯᠵᠢᠯᠡᠭᠰᠡᠨ ᠲᠧᠯᠸᠢᠰ ᠵᠦᠴᠦᠭᠡ ︽ᠵᠠᠰᠠᠭᠲᠤ ᠬᠤᠷᠢᠮ︾ ᠢ ᠰᠡᠭᠦᠳᠡᠷᠯᠡᠵᠡᠢ᠃ ᠲᠣᠰ ᠵᠦᠴᠦᠭᠡ  ᠶᠢ ᠤᠯᠠᠭᠠᠨᠮᠣᠳᠤ ᠰᠤᠮᠤ ᠶᠢᠨ ᠲᠠᠯ᠎ᠠ ᠨᠤᠲᠤᠭ ᠲᠤ ᠰᠡᠭᠦᠳᠡᠷᠯᠡᠵᠦ ᠡᠷᠬᠢᠮᠪᠠᠶᠠᠷ ᠵᠠᠩ ᠦᠢᠯᠡ ᠶᠢᠨ ᠵᠥᠪᠯᠡᠭᠴᠢ᠂ ᠲᠣᠭᠯᠠᠭᠴᠢ ᠪᠠᠷ ᠣᠷᠣᠯᠴᠠᠵᠠᠢ᠃ ᠲᠡᠷᠡ ᠪᠠᠷ ᠥᠪᠡᠷ ᠤᠨ ᠤᠯᠠᠮᠵᠢᠯᠠᠯᠲᠤ ᠭᠡᠷ ᠤᠨ ᠬᠡᠷᠡᠭᠰᠡᠯ᠂ ᠬᠤᠪᠴᠠᠰᠤ ᠵᠠᠰᠠᠯ ᠵᠡᠷᠭᠡ ᠪᠠᠨ ᠰᠡᠭᠦᠳᠡᠷᠯᠡᠬᠦ ᠠᠵᠢᠯ ᠳᠤ ᠡᠷᠭᠦᠨ ᠲᠤᠰᠠᠯᠠᠭᠰᠠᠨ ᠪᠠᠶᠢᠵᠤ᠂ ᠮᠣᠩᠭᠤᠯ ᠤᠨ ᠥᠨᠳᠦᠷᠯᠢᠭ ᠲᠤ 700 ᠭᠠᠷᠤᠢ ᠵᠢᠯ ᠣᠷᠣᠰᠢᠨ ᠤᠯᠠᠷᠢᠭᠰᠠᠨ ᠬᠤᠷᠴᠢᠨ ᠬᠤᠷᠢᠮ ᠤᠨ ᠨᠢᠭᠡ ᠵᠠᠰᠠᠭᠲᠤ ᠬᠤᠷᠢᠮ ᠤᠨ ᠶᠣᠰᠣ ᠵᠠᠩᠰᠢᠯ ᠢ ᠦᠶ᠎ᠡ ᠤᠯᠠᠷᠢᠨ ᠤᠯᠠᠮᠵᠢᠯᠠᠬᠤ  ᠳᠤ ᠴᠢᠬᠤᠯᠠ ᠦᠢᠯᠡᠳᠦᠯ ᠦᠵᠡᠭᠦᠯᠦᠭᠰᠡᠨ ᠶᠤᠮ᠃    ᠡᠷᠬᠢᠮᠪᠠᠶᠠᠷ 2017 ᠣᠨ ᠤ 2 ᠰᠠᠷ᠎ᠠ ᠳᠤ ᠥᠪᠥᠷ ᠮᠣᠩᠭᠤᠯ ᠤᠨ ᠮᠣᠩᠭᠤᠯ ᠤᠳᠤᠨ ᠲᠧᠯᠸᠢᠰ ᠤᠨ ᠰᠡᠭᠦᠳᠡᠷᠯᠡᠭᠰᠡᠨ ︽ᠵᠠᠩ ᠰᠠᠶᠢᠲᠠᠢ ᠵᠠᠰᠠᠭᠲᠤ ᠬᠥᠮᠥᠨ︾ ᠭᠡᠬᠦ ᠲᠤᠰᠬᠠᠢ ᠡᠮᠬᠢᠳᠬᠡᠯ ᠳᠤ ᠭᠤᠣᠯ ᠮᠠᠲ᠋ᠧᠷᠢᠶᠠᠯ ᠬᠠᠩᠭᠠᠭᠰᠠᠨ ᠪᠥᠭᠡᠳ ᠵᠠᠩ ᠦᠢᠯᠡ ᠶᠢᠨ ᠵᠥᠪᠯᠡᠭᠴᠢ ᠪᠠᠷ ᠣᠷᠣᠯᠴᠠᠪᠠ᠃ ᠳᠤᠰ ᠵᠦᠴᠦᠭᠡ ᠨᠢ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠤᠨ ᠨᠠᠨᠳᠢᠨ ᠪᠡᠯᠡᠭ ᠪᠣᠯᠵᠤ ᠳᠡᠪᠰᠢᠭᠦᠯᠦᠭᠳᠡᠭᠰᠡᠨ ᠪᠠᠶᠢᠨ᠎ᠠ᠃ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢ ᠲᠣᠳᠣᠯᠠᠬᠤ ᠳᠤ ᠡᠷᠬᠢᠮᠪᠠᠶᠠᠷ ︽ᠵᠠᠰᠠᠭᠲᠤ ᠬᠤᠷᠢᠮ ᠤᠨ ᠵᠠᠩ ᠦᠢᠯᠡ ᠶᠢᠨ ᠥᠪᠯᠡᠨ ᠵᠠᠯᠭᠠᠮᠵᠢᠯᠠᠭᠴᠢ︾ ᠪᠠᠷ ᠦᠨᠡᠯᠡᠭᠳᠡᠨ ᠳᠠᠩᠰᠠᠯᠠᠭᠤᠯᠤᠭᠰᠠᠨ ᠪᠠᠶᠢᠨ᠎ᠠ᠃ ᠵᠠᠩ ᠦᠢᠯᠡ ᠶᠢᠨ ᠥᠪ ᠤᠨ ᠵᠠᠯᠭᠠᠮᠵᠢᠯᠠᠭᠴᠢ ᠶᠢᠨ ᠣᠳᠣᠨ ᠢᠶᠠᠷ ᠡᠩᠭᠡᠷ ᠢᠶᠠᠨ ᠮᠢᠯᠢᠶᠠᠯᠭᠠᠭᠰᠠᠨ ᠲᠡᠭᠦᠨ ᠤ ᠬᠥᠮᠥᠵᠢᠭᠦᠯᠦᠭᠰᠡᠨ ᠣᠶᠤᠨᠪᠢᠯᠢᠭ᠌᠂ ᠪᠦᠷᠢᠨᠰᠠᠶᠢᠨ᠂ ᠴᠣᠭᠲᠤ᠂ ᠪᠠᠶᠠᠨᠲᠠᠯ᠎ᠠ ᠵᠡᠷᠭᠡ ᠵᠠᠯᠠᠭᠤ ᠨᠢᠭᠡ ᠦᠶ᠎ᠡ ᠶᠢᠨ ᠦᠨᠳᠦᠰᠦᠲᠡᠨ ᠤ ᠰᠣᠶᠣᠯ ᠳᠤ ᠪᠠᠨ ᠳᠤᠷ᠎ᠠ ᠪᠠᠬ᠎ᠠ ᠲᠠᠢ ᠵᠠᠯᠠᠭᠤᠰ ᠪᠠᠭᠰᠢ ᠶᠢᠨ ᠢᠶᠠᠨ ᠢᠷᠠᠭᠤ ᠠᠯᠳᠠᠷ ᠲᠤ ᠣᠮᠣᠭᠰᠢᠨ ᠵᠣᠷᠢᠭᠵᠢᠵᠤ᠂ ᠨᠤᠲᠤᠭ ᠣᠷᠣᠨ ᠳᠤ ᠪᠠᠨ ᠦᠢᠯᠡᠰ ᠤᠨ ᠵᠢᠯᠣᠭᠤ ᠰᠤᠩᠭᠠᠨ ᠢᠳᠡᠷᠡᠭᠦᠨ ᠤᠷᠤᠭᠰᠢᠯᠠᠵᠤ ᠪᠤᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号