ᠸᠠᠩ ᠯᠢ ᠳ᠋ᠦᠩ ᠬᠡᠰᠡᠭ ᠠᠵᠤ ᠠᠬᠤᠶᠢᠯᠠᠯ ᠪᠣᠯᠣᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/13
   2022061308510830627.jpg
    6 ᠰᠠᠷ᠎ᠠ ᠶᠢᠨ 11 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠡᠰᠡᠭ ᠠᠵᠤ ᠠᠬᠤᠶᠢᠯᠠᠯ ᠪᠠ ᠪᠠᠶᠢᠭᠤᠯᠵᠤ ᠪᠠᠶᠢᠭ᠎ᠠ ᠵᠦᠢᠯᠡᠰ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠸᠠᠩ ᠯᠢ ᠳ᠋ᠦᠩ ᠤᠷᠢᠳ ᠬᠤᠵᠢᠳ ᠳ᠋ᠧ ᠺᠠᠩ ᠪᠦᠯᠦᠭᠯᠡᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠪᠠᠭᠠᠰᠤᠨ ᠪᠣᠬᠢᠷᠳᠤᠯ ᠢ ᠰᠢᠢᠳᠪᠦᠷᠢᠯᠡᠬᠦ ᠲᠥᠪ᠂ ᠯᠢᠦ ᠾᠧ ᠨᠢᠭᠡᠳᠦᠭᠡᠷ ᠨᠣᠮᠧᠷᠲᠤ ᠪᠣᠷᠳᠣᠬᠤ ᠲᠠᠯᠠᠪᠠᠶ᠂ ᠣᠳᠣ ᠦᠶ᠎ᠡ ᠶᠢᠨ ᠮᠠᠯ ᠠᠵᠤ ᠠᠬᠤᠢ ᠶᠢᠨ ᠤᠯᠠᠭᠠᠨᠮᠠᠯᠵᠢᠯ ᠤᠨ ᠲᠠᠯᠠᠪᠠᠶ᠂ ᠵᠢᠩ ᠴᠢᠤᠸᠠᠨ ᠬᠢᠲᠠᠳ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠭᠠᠯᠢᠭ ᠵᠢᠮᠢᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠵᠦᠢᠯ ᠤᠨ ᠣᠳᠣᠬᠠᠨ ᠤ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠡᠷᠡᠭᠯᠡᠬᠦ ᠭᠠᠵᠠᠷ᠂ ᠪᠡᠯᠡ ᠮᠥᠩᠭᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠯᠦᠪᠵᠢᠭᠦᠯᠭᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ ᠭᠦᠨᠵᠡᠭᠡᠢ ᠰᠤᠳᠤᠯᠤᠯᠲᠠ ᠬᠢᠭᠰᠡᠨ ᠪᠥᠭᠡᠳ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠸᠠᠩ ᠯᠢ ᠳ᠋ᠦᠩ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠧᠨ ᠺᠠᠩ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ᠂ ᠭᠤᠸᠠᠩ ᠳ᠋ᠠ ᠲᠠᠷᠢᠮᠠᠯ ᠤᠨ ᠲᠤᠰᠬᠠᠢ ᠬᠤᠷᠰᠢᠶ᠎ᠠ ᠳᠤ ᠭᠦᠨᠵᠡᠭᠡᠶᠢᠷᠡᠵᠦ᠂ ᠬᠤᠷᠰᠢᠶ᠎ᠠ ᠶᠢᠨ ᠬᠠᠷᠢᠭᠤᠴᠠᠯᠭᠠᠲᠠᠨ ᠠᠴᠠ ᠠᠵᠤ ᠠᠬᠤᠢ ᠶᠢᠨ ᠦᠷ᠎ᠡ ᠠᠰᠢᠭ᠂ ᠳᠠᠷᠢᠵᠤ ᠲᠡᠵᠢᠭᠡᠨ ᠦᠷᠡᠵᠢᠭᠦᠯᠬᠦ ᠬᠡᠪᠴᠢᠶ᠎ᠡ᠂ ᠠᠵᠢᠯ ᠣᠯᠭᠤᠯᠲᠠ ᠶᠢ ᠳᠠᠶᠢᠴᠢᠯᠠᠬᠤ ᠵᠢᠴᠢ ᠠᠰᠢᠭ ᠲᠤᠰᠠ ᠶᠢ ᠬᠤᠯᠪᠣᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠤᠷᠰᠢᠶ᠎ᠠ ᠶᠢᠨ ᠬᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠳᠠᠷᠢᠵᠤ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠡᠷᠬᠢᠨ ᠲᠣᠭᠤᠷᠢᠨ ᠤ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号