ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠴᠡᠴᠡᠷᠯᠢᠭ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠠᠢ
ᠨᠡᠶᠢᠲᠡᠯᠡᠭᠰᠡᠨ ᠴᠠᠭ᠄
2022/6/26
     ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠠᠭᠤᠯᠠ᠂ ᠤᠰᠤ᠂ ᠰᠣᠶᠣᠯ᠂ ᠨᠣᠭᠤᠭᠠᠨ︾ ᠳᠥᠷᠪᠡᠨ ᠠᠵᠢᠯ ᠢ ᠰᠠᠶᠢᠲᠤᠷ ᠬᠢᠵᠦ᠂ ︽ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠣᠲᠣ ᠦᠶ᠎ᠡ ᠶᠢᠨ ᠠᠮᠢ ᠠᠬᠤᠢ ᠶᠢᠨ ᠬᠤᠲᠠ︾ ᠶᠢᠨ ᠪᠠᠶᠢᠷᠢ ᠲᠣᠭᠲᠠᠭᠠᠯᠲᠠ ᠶᠣᠰᠣᠭᠠᠷ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠯᠠᠨ ᠲᠦᠮᠡᠨ ᠤ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠨ ᠠᠭᠤᠯᠠ ᠵᠡᠭᠡᠯᠢ ᠶᠢᠨ ᠡᠮᠦᠨ᠎ᠡ ᠬᠡᠰᠡᠭ ᠤᠨ ᠬᠤᠷᠴᠢᠨ ᠴᠡᠴᠡᠷᠯᠢᠭ ᠲᠤ ᠣᠷᠣᠬᠤ ᠳᠤ ᠬᠥᠮᠥᠰ ᠮᠣᠳᠣᠨ ᠰᠡᠭᠦᠳᠡᠷ ᠲᠤ ᠵᠣᠭᠤᠭᠳᠠᠨ ᠰᠢᠲᠠᠷ᠎ᠠ ᠲᠠᠯᠪᠢᠵᠤ᠂ ᠬᠥᠭᠵᠢᠮ ᠤᠨ ᠠᠶ᠎ᠠ ᠪᠠᠷ ᠪᠥᠵᠢᠭᠯᠡᠨ᠎ᠡ᠃ ᠤᠢ ᠶᠢᠨ ᠵᠥᠷᠢᠭ ᠵᠠᠮ ᠢᠶᠠᠷ ᠪᠢᠴᠢᠬᠠᠨ ᠬᠡᠦᠬᠡᠳ ᠳᠠᠭᠠᠭᠤᠯᠤᠭᠰᠠᠨ ᠰᠠᠭᠤᠭᠠᠯᠢ ᠠᠷᠠᠳ ᠰᠡᠯᠡᠭᠦᠴᠡᠨ ᠠᠯᠬᠤᠨ᠎ᠠ᠃    ᠬᠤᠷᠴᠢᠨ ᠴᠡᠴᠡᠷᠯᠢᠭ 42.69 ᠲᠦᠮᠡᠨ ᠲᠡᠭᠰᠢ ᠳᠥᠷᠪᠡᠯᠵᠢᠨ ᠮᠧᠲᠷ ᠢ ᠡᠵᠡᠯᠡᠵᠦ᠂ 38.05 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠨ ᠭᠠᠵᠠᠷ ᠲᠠᠢ ᠪᠠᠶᠢᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠲᠣᠭᠤᠷᠢᠭ ᠤᠨ ᠠᠩᠬᠠᠨ ᠤ ᠪᠦᠯᠦᠭ ᠤᠨ ᠪᠠᠶᠢᠭᠤᠯᠤᠭᠰᠠᠨ ᠴᠡᠴᠡᠷᠯᠢᠭ ᠤᠨ ᠨᠢᠭᠡ ᠪᠣᠯᠬᠤ ᠪᠥᠭᠡᠳ ᠰᠠᠭᠤᠭᠠᠯᠢ ᠠᠷᠠᠳ ᠨᠡᠯᠢᠶᠡᠳ ᠣᠯᠠᠨ ᠴᠤᠭᠯᠠᠷᠠᠭᠰᠠᠨ ᠴᠡᠴᠡᠷᠯᠢᠭ ᠪᠣᠯᠣᠨ᠎ᠠ᠃    ︽ᠮᠠᠨ ᠤ ᠨᠠᠰᠤᠲᠠᠶᠢᠴᠤᠳ ᠡᠳᠦᠷ ᠪᠦᠷᠢ ᠤᠰᠤᠨ ᠤ ᠦᠵᠡᠮᠵᠢ ᠶᠢᠨ ᠴᠡᠴᠡᠷᠯᠢᠭ ᠲᠤ ᠢᠷᠡᠵᠦ ᠳᠠᠭᠤᠤ ᠳᠠᠭᠤᠯᠠᠵᠤ ᠪᠥᠵᠢᠭ ᠪᠥᠵᠢᠭᠯᠡᠳᠡᠭ᠂ ᠠᠳᠡ ᠠᠭᠤᠯᠠ ᠤᠰᠤ ᠲᠠᠢ᠂ ᠥᠩᠭᠡ ᠦᠵᠡᠮᠵᠢ ᠬᠥᠮᠥᠨ ᠢ ᠰᠣᠭᠲᠣᠷᠠᠭᠤᠯᠤᠮ᠎ᠠ᠂ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠳᠤ ᠬᠡᠮᠡᠷᠯᠢᠭ ᠳᠡᠭᠡᠷ᠎ᠡ ᠬᠤᠸᠠᠷ ᠴᠡᠴᠡᠭ ᠨᠡᠮᠡᠩᠰᠡᠨ ᠰᠢᠭ ᠰᠠᠨᠠᠭᠳᠠᠭᠤᠯᠤᠨ᠎ᠠ︾᠃ ᠰᠠᠭᠤᠭᠠᠯᠢ ᠠᠷᠠᠳ ᠯᠢᠦ ᠵᠢᠩ ᠹᠧᠨ ᠡᠳᠦᠷ ᠪᠦᠷᠢ ᠬᠡᠳᠦᠨ ᠡᠭᠡᠴᠢ ᠳᠡᠭᠦᠦ ᠨᠠᠷ ᠲᠠᠢ ᠪᠠᠨ ᠬᠠᠮᠲᠦ ᠴᠡᠴᠡᠷᠯᠢᠭ ᠲᠤ ᠣᠴᠢᠵᠤ ᠪᠥᠵᠢᠭᠯᠡᠵᠦ᠂ ᠠᠮᠢᠳᠤᠷᠠᠯ ᠨᠢ ᠮᠠᠰᠢ ᠲᠠᠭᠠᠯᠠᠮᠵᠢᠲᠠᠢ ᠪᠠᠶᠢᠯ᠎ᠠ᠃     ᠣᠲᠣ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠲᠣᠭᠤᠷᠢᠭ ᠲᠤ 5 ᠴᠡᠴᠡᠷᠯᠢᠭ᠂ 10 ᠰᠡᠯᠡᠭᠦᠴᠡᠯ ‍ᠤᠨ‌‍ᠴᠡᠴᠡᠷᠯᠢᠭ᠂ 1 ᠲᠠᠯᠠᠪᠠᠶ ᠶᠢᠨ ᠨᠣᠭᠤᠭᠠᠨ ᠭᠠᠵᠠᠷ ᠪᠠᠶᠢᠵᠤ᠂ ᠶᠡᠷᠦᠩᠬᠡᠢ ᠲᠠᠯᠠᠪᠠᠶ  ᠨᠢ 177.33 ᠾᠧᠺᠲ᠋ᠠᠷ ᠬᠦᠷᠴᠦ᠂ ᠬᠥᠮᠥᠨ ᠳᠤᠮᠳᠠᠴᠢ ᠶᠢᠨ ᠴᠡᠴᠡᠷᠯᠢᠭ ᠤᠨ ᠲᠠᠯᠠᠪᠠᠶ ᠨᠢ 37.73 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠣᠳᠣᠨ ᠪᠦᠲᠦᠭᠡᠯ ᠤᠨ ᠢᠨᠵᠧᠨᠧᠷᠢᠩ ᠢ ᠶᠡᠬᠡᠪᠡᠷ ᠬᠥᠭᠵᠢᠭᠦᠯᠵᠦ᠂ ᠴᠡᠴᠡᠷᠯᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠲᠤᠮ ᠤᠨ ᠴᠢᠨᠠᠷᠲᠠᠢ ᠠᠷᠠᠴᠢᠯᠠᠨ ᠬᠠᠮᠠᠭᠠᠯᠠᠬᠤ ᠠᠵᠢᠯ ᠢ ᠴᠢᠩᠭ᠎ᠠ ᠠᠳᠬᠤᠨ᠂ ᠡᠳᠦᠷ ᠤᠨ ᠪᠠᠶᠢᠴᠠᠭᠠᠯᠲᠠ᠂ ᠰᠠᠷ᠎ᠠ ᠶᠢᠨ ᠪᠠᠶᠢᠴᠠᠭᠠᠯᠲᠠ᠂ ᠤᠯᠠᠷᠢᠯ ᠤᠨ ᠪᠠᠶᠢᠴᠠᠭᠠᠯᠲᠠ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠢ ᠭᠦᠢᠴᠡᠳᠬᠡᠵᠦ᠂ ᠠᠮᠤᠷ ᠲᠦᠪᠰᠢᠨ ᠤ ᠠᠵᠢᠯ ᠢ ᠪᠣᠳᠠᠲᠠᠢ ᠭᠠᠵᠠᠷ  ᠲᠤᠨᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠲᠤ ᠪᠣᠬᠢᠷᠳᠤᠯ ᠦᠭᠡᠢ᠂ ᠲᠠᠭᠠᠯᠠᠮᠵᠢᠲᠠᠢ᠂ ᠠᠮᠤᠷ ᠲᠦᠪᠰᠢᠨ ᠠᠵᠢᠯᠯᠠᠭᠠᠨ ᠤ ᠲᠠᠯᠠᠪᠤᠷ ᠬᠠᠩᠭᠠᠨ᠎ᠠ᠃ ᠡᠭᠦᠨ ᠤ ᠬᠠᠮᠲᠤ᠂ ᠴᠡᠴᠡᠷᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠲᠤᠰᠬᠠᠢ ᠬᠥᠮᠥᠨ᠂ ᠲᠤᠰᠬᠠᠢ ᠬᠠᠮᠢᠶᠠᠷᠤᠯᠲᠠ ᠶᠢᠨ ᠴᠡᠴᠡᠷᠯᠢᠭ ᠢ ᠬᠡᠷᠡᠭᠵᠢᠭᠦᠯᠵᠦ᠂ ᠪᠦᠬᠦᠯᠢ ᠡᠳᠦᠷ ᠢᠶᠠᠷ ᠴᠡᠪᠡᠷᠯᠡᠨ᠂ ᠬᠦᠷᠢᠶᠡᠯᠡᠩ ᠲᠣᠭᠤᠷᠢᠭ ᠤᠨ ᠳᠣᠲᠣᠷ᠎ᠠ᠂ ᠴᠡᠴᠡᠷᠯᠢᠭ ᠤᠨ ᠵᠠᠮ᠂ ᠠᠭᠤᠳᠠᠮ ᠲᠠᠯᠠᠪᠠᠶ ᠵᠢᠴᠢ ᠰᠡᠯᠡᠭᠦᠴᠡᠯ ᠤᠨ ᠲᠥᠬᠦᠭᠡᠷᠦᠮᠵᠢ ᠶᠢᠨ ᠠᠷᠢᠭᠤᠨ ᠴᠡᠪᠡᠷ ᠤᠨ ᠬᠤᠭ ᠨᠣᠪᠰᠢ ᠶᠢ ᠡᠳᠦᠷ ᠠᠴᠠ ᠡᠳᠦᠷ ᠴᠡᠪᠡᠷᠯᠡᠬᠦ ᠶᠢ ᠪᠠᠲᠤᠯᠠᠵᠤ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号