ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠴᠢᠳᠠᠪᠤᠷᠢᠲᠠᠨ ᠤ ᠨᠤᠲᠤᠭ ᠲᠠᠭᠠᠨ ᠬᠠᠷᠢᠬᠤ ᠶᠢ ᠵᠣᠯᠭᠠᠭᠤᠯᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/26
    6 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠴᠢᠳᠠᠪᠤᠷᠢᠲᠠᠨ ᠤ ᠨᠤᠲᠤᠭ ᠲᠠᠭᠠᠨ ᠬᠠᠷᠢᠬᠤ ᠶᠢ ᠵᠣᠯᠭᠠᠭᠤᠯᠬᠤ ᠲᠤᠬᠠᠢ ᠶᠢᠨ ᠲᠠᠯᠠᠪᠤᠷ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠵᠣᠯᠭᠠᠭᠤᠯᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦ ᠮᠣᠣ ᠢᠳᠡᠭᠡᠨ ᠤ ᠬᠢᠵᠠᠭᠠᠷᠲᠤ ᠺᠣᠮᠫᠠᠨᠢ᠂ ᠰᠢᠶᠣᠣ ᠵᠢᠩ ᠲᠥᠪᠡᠳ ᠬᠠᠰᠢ ᠶᠢᠨ ᠨᠢᠭᠡᠳᠦᠯ᠂ ᠡᠮᠦᠨᠡᠲᠦ ᠬᠤᠰᠢᠭᠤᠨ ᠤ ︽ᠴᠢᠳᠠᠪᠤᠷᠢᠲᠠᠨ ᠨᠤᠲᠤᠭ ᠲᠠᠭᠠᠨ ᠪᠤᠴᠠᠭᠰᠠᠨ︾ ᠦᠢᠯᠡᠰ ᠴᠣᠭᠴᠠᠯᠠᠬᠤ ᠬᠦᠷᠢᠶᠡᠯᠡᠩ ᠢᠶᠠᠷ ᠲᠣᠭᠤᠷᠢᠨ ᠦᠵᠡᠪᠡ᠃ ᠬᠤᠷᠠᠯ ᠳᠡᠭᠡᠷ᠎ᠡ᠂ ᠡᠮᠦᠨᠡᠲᠦ ᠬᠤᠰᠢᠭᠤᠨ ᠤ ᠴᠢᠳᠠᠪᠤᠷᠢᠲᠠᠨ ᠤ ᠨᠤᠲᠤᠭ ᠲᠠᠭᠠᠨ ᠬᠠᠷᠢᠬᠤ ᠳᠤ ᠬᠠᠷᠠᠭᠠᠯᠵᠠᠯ ᠦᠵᠡᠭᠦᠯᠬᠦ ᠳᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠬᠠᠮᠲᠤᠷᠠᠯᠴᠠᠭᠠᠨ ᠤ ᠳᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ᠂ ᠨᠢᠭᠡ ᠪᠦᠯᠦᠭ ᠭᠠᠳᠠᠨ᠎ᠠ ᠨᠤᠲᠤᠭ ᠲᠤ ᠪᠠᠶᠢᠭ᠎ᠠ ᠨᠠᠶᠢᠵᠢ ᠨᠥᠬᠦᠳ ᠮᠡᠳᠡᠯᠭᠡ᠂ ᠲᠦᠷᠦᠯ ᠵᠦᠢᠯ᠂ ᠪᠡᠯᠡ ᠮᠥᠩᠭᠦ ᠪᠠᠨ ᠠᠪᠴᠤ ᠨᠤᠲᠤᠭ ᠲᠠᠭᠠᠨ ᠪᠤᠴᠠᠵᠤ ᠦᠢᠯᠡᠰ ᠪᠣᠰᠬᠠᠵᠤ᠂ ᠬᠤᠪᠢ ᠬᠥᠮᠥᠨ ᠤ ᠠᠵᠢᠯ ᠦᠢᠯᠡᠰ ᠪᠣᠯᠣᠨ ᠨᠤᠲᠤᠭ ᠤᠰᠤᠨ ᠤ ᠪᠠᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠵᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠲᠦᠷᠪᠡᠨ ᠰᠢᠶᠠᠩ ᠤᠨ ᠢᠨᠵᠧᠨᠧᠷᠢᠩ︾  ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ᠂ ᠬᠤᠳᠠ ᠶᠢᠨ ᠠᠷᠠᠳ᠂ ᠺᠠᠳ᠋ᠷ᠂ ᠠᠵᠤ ᠠᠬᠤᠶᠢᠯᠠᠯ ᠤᠨ ᠬᠥᠳᠡᠭᠡ ᠲᠣᠰᠬᠤᠨ ᠳᠤ ᠬᠦᠷᠴᠦ ᠠᠵᠢᠯ ᠦᠢᠯᠡᠰ ᠢᠶᠠᠨ ᠬᠥᠭᠵᠢᠭᠦᠯᠬᠦ᠂ ᠠᠵᠢᠯ ᠢᠶᠠᠨ ᠥᠷᠨᠢᠭᠦᠯᠬᠦ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ ᠦᠭᠴᠡᠢ᠃ ᠥᠷᠭᠡᠨ ᠤᠯᠠᠨ ᠨᠤᠲᠤᠭ ᠤᠨ ᠨᠠᠶᠢᠵᠠ ᠨᠠᠷ ᠨᠤᠲᠤᠭ ᠤᠰᠤ ᠪᠠᠨ ᠠᠩᠬᠠᠷᠴᠤ᠂ ᠨᠤᠲᠤᠭ ᠤᠰᠤ ᠪᠠᠨ ᠤᠬᠠᠭᠤᠯᠵᠤ᠂ ᠨᠤᠲᠤᠭ ᠤᠰᠤᠨ ᠳᠠᠭᠠᠨ ᠪᠡᠯᠡ ᠣᠷᠣᠭᠤᠯᠵᠤ᠂ ᠡᠯ᠎ᠡ ᠵᠦᠢᠯ ᠤᠨ ᠬᠡᠯᠪᠡᠷᠢ ᠪᠠᠷ ᠨᠤᠲᠤᠭ ᠤᠰᠤ ᠪᠠᠨ ᠬᠠᠪᠰᠤᠷᠴᠤ᠂ ᠠᠵᠤ ᠠᠬᠤᠢ ᠶᠢᠨ ᠦᠷᠳᠡᠭ ᠪᠣᠯᠣᠨ ᠨᠡᠶᠢᠭᠡᠮ ᠤᠨ ᠦᠷᠳᠡᠭ ᠤᠨ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠬᠤᠰᠢᠭᠤᠨ ᠤ ᠤᠳᠤᠷᠢᠳᠤᠯᠭ᠎ᠠ ᠯᠢᠦ ᠭᠠᠩ᠂ ᠶᠠᠩ ᠯᠧᠢ᠂ ᠯᠢ ᠹᠠᠩ᠂ ᠸᠠᠩ ᡁᠢ ᠪᠢᠶᠣᠣ ᠪᠣᠯᠣᠨ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠴᠢᠳᠠᠪᠤᠷᠢᠲᠠᠨ ᠤ ᠨᠤᠲᠤᠭ ᠲᠠᠭᠠᠨ ᠪᠤᠴᠠᠬᠤ ᠠᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠮᠦᠨᠡᠲᠦ ᠬᠤᠰᠢᠭᠤᠨ ᠤ ᠨᠤᠲᠤᠭ ᠲᠠᠭᠠᠨ ᠪᠤᠴᠠᠬᠤ ᠴᠢᠳᠠᠪᠤᠷᠢᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号