ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠥᠪ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ 4707.9 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2022/6/9
    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠲᠤᠰᠬᠠᠢ ᠬᠥᠮᠥᠨ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠭᠤ ᠲᠤᠰᠬᠠᠭᠰᠠᠨ ᠲᠥᠪ ᠤᠨ ᠨᠥᠬᠦᠪᠦᠷᠢ ᠪᠡᠯᠡ ᠮᠥᠩᠭᠦ ᠶᠢᠨ ᠬᠡᠪ ᠤᠨ ᠬᠠᠷᠠᠭᠠᠯᠵᠠᠯ ᠤᠨ ᠨᠠᠷᠢᠨ ᠳᠠᠩᠰᠠ ᠪᠠ ᠰᠠᠷ᠎ᠠ ᠶᠢᠨ ᠲᠠᠷᠬᠠᠭᠠᠯᠲᠠ ᠶᠢᠨ ᠨᠠᠷᠢᠨ ᠲᠠᠩᠰᠠ ᠶᠢ ᠬᠠᠷᠢᠴᠠᠭᠤᠯᠤᠨ ᠬᠠᠷᠭᠤᠭᠤᠯᠵᠤ᠂ ᠲᠥᠪ ᠤᠨ ᠨᠥᠬᠦᠪᠦᠷᠢ ᠪᠡᠯᠡ ᠮᠥᠩᠭᠦ ᠶᠢᠨ ᠨᠥᠬᠦᠪᠦᠷᠢ ᠣᠯᠭᠤᠮᠵᠢ ᠶᠢᠨ ᠨᠠᠷᠢᠨ ᠲᠠᠩᠰᠠ ᠶᠢ ᠵᠠᠳᠠᠯᠵᠤ᠂ ᠲᠠᠷᠬᠠᠭᠠᠭᠰᠠᠨ ᠪᠡᠯᠡ ᠮᠥᠩᠭᠦ ᠨᠢᠭᠡᠪᠦᠷᠢ ᠶᠢ ᠤᠯᠠᠮ ᠨᠢᠭᠡ ᠠᠯᠬᠤᠮ ᠬᠠᠷᠭᠤᠭᠤᠯᠤᠨ ᠪᠤᠳᠤᠵᠤ ᠨᠤᠲᠠᠯᠠᠬᠤ ᠶᠢᠨ ᠬᠠᠮᠲᠤ᠂ ᠠᠰᠠᠭᠤᠳᠠᠯ ᠤᠨ ᠲᠤᠭ᠎ᠠ ᠪᠠᠷᠢᠮᠲᠠ ᠶᠢ ᠬᠠᠷᠢᠭᠤ ᠲᠤᠰᠬᠠᠬᠤ ᠪᠠ ᠬᠠᠮᠠᠭᠠᠯᠠᠵᠤ᠂ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠪ ᠤᠨ ᠨᠥᠬᠦᠪᠦᠷᠢ ᠪᠡᠯᠡ ᠮᠥᠩᠭᠦ ᠶᠢ ᠳ᠋ᠦᠩᠨᠡᠨ ᠪᠤᠳᠤᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠠᠢ᠃   ᠳ᠋ᠦᠩᠨᠡᠨ ᠪᠤᠳᠤᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠪ ᠤᠨ ᠨᠥᠬᠦᠪᠦᠷᠢ ᠶᠢᠨ ᠪᠡᠯᠡ ᠮᠥᠩᠭᠦ ᠶᠢ 506289 ᠬᠥᠮᠥᠨ ᠤᠳᠠᠭ᠎ᠠ ᠲᠠᠷᠬᠠᠭᠠᠵᠤ᠂ ᠲᠥᠪ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ 4707.9 ᠲᠦᠮᠡᠨ ᠲᠥᠭᠦᠷᠢᠭ ᠲᠠᠷᠬᠠᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号