ᠰᠣᠨᠢᠨ ᠮᠡᠳᠡᠭᠡᠨ ᠤ ᠬᠥᠳᠡᠯᠦᠯ ᠪᠠᠶᠢᠳᠠᠯ᠄ ᠬᠢᠩᠭᠠᠨ ᠠᠶᠢᠮᠠᠭ ᠤᠨ ᠴᠠᠷᠰᠤᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ20 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2022/6/9
      2022 ᠣᠨ ᠤ 6 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠴᠠᠷᠰᠥᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 20 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠲᠤᠰ ᠰᠤᠷᠭᠠᠭᠤᠯᠢ ᠳᠤ ᠦᠪᠡᠳᠡᠭᠰᠢ ᠶᠡᠬᠡᠪᠡᠷ ᠶᠠᠪᠤᠭᠳᠠᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠠᠬᠠᠯᠠᠬᠤ ᠬᠤᠷᠠᠩᠳᠠ ᠶᠢᠨ ᠺᠣᠮᠢᠰᠰᠠᠷ ᠦ᠋ ᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ ᠬᠤᠩ ᠭᠤᠸᠠᠨ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᠸᠧᠨ ᠱᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ ᠶᠡᠭᠡ ᠬᠤᠷᠠᠯ ᠳᠤ ᠣᠷᠣᠯᠴᠠᠵᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠬᠠᠮᠲᠤ ᠪᠠᠷ ᠡᠨᠡ ᠬᠦ ᠴᠢᠬᠤᠯᠠ ᠲᠡᠦᠬᠡᠨ ᠴᠠᠭ ᠮᠥᠴᠡ ᠳᠤ᠂ ᠬᠠᠮᠲᠤ ᠪᠠᠷ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ  ᠶᠢ ᠲᠣᠭᠤᠷᠢᠨ ᠦᠵᠡᠵᠦ᠂ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢᠨ ᠦᠵᠡᠭᠦᠯᠦᠯᠭᠡ ᠶᠢ ᠰᠣᠨᠢᠷᠬᠠᠪᠠ᠃     2002 ᠣᠨ ᠤ 5 ᠰᠠᠷ᠎ᠠ ᠳᠤ᠂ ᠬᠢᠩᠭᠠᠨ ᠠᠶᠢᠮᠠᠭ ᠤᠨ ᠴᠠᠷᠰᠥᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠮᠡᠨᠳᠦᠯᠡᠵᠦ᠂ 20 ᠵᠢᠯ ᠤᠨ ᠬᠥᠭᠵᠢᠯᠲᠡ ᠶᠢᠨ ᠶᠠᠪᠤᠴᠠ ᠪᠠᠨ ᠡᠷᠭᠢᠴᠡᠭᠦᠯᠬᠦ ᠳᠤ᠂ ᠡᠭᠡᠯ ᠵᠢᠷ ᠤᠨ ᠪᠣᠷᠣᠭᠵᠢᠭᠤᠨ ᠰᠤᠷᠭᠠᠨ ᠬᠥᠮᠦᠵᠢᠯ ᠨᠢ ᠬᠤᠪᠢᠰᠬᠠᠯ ᠤᠨ ᠭᠧᠨ ᠤ ᠤᠯᠠᠮᠵᠢᠯᠠᠯ ᠪᠠ ᠴᠡᠷᠢᠭ ᠤᠨ ᠬᠥᠮᠥᠨ ᠤ ᠵᠣᠷᠢᠭ ᠰᠠᠨᠠᠭᠠᠨ ᠤ ᠵᠣᠷᠢᠭᠵᠢᠭᠤᠯᠤᠯ ᠢ ᠳᠦᠭᠦᠷᠡᠩ ᠪᠢᠴᠢᠭᠯᠡᠵᠡᠢ᠃ 20 ᠵᠢᠯ ᠤᠨ ᠬᠤᠪᠢᠰᠬᠠᠯ ᠢ ᠦᠷᠭᠦᠯᠵᠢᠯᠡᠭᠦᠯᠵᠦ᠂ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠤᠷᠭᠠᠭᠤᠯᠢ ᠶᠢᠨ ᠬᠢᠨ ᠬᠤᠪᠢᠰᠬᠠᠯ ᠤᠨ ᠭᠧᠨ ᠢ ᠪᠣᠶᠢᠵᠢᠭᠤᠯᠬᠤ ᠢᠨᠵᠧᠨᠧᠷᠢᠩ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠠᠭᠠᠲᠤᠷ ᠵᠢᠱᠢᠶᠡᠴᠢ ᠶᠢᠨ ᠵᠠᠮ ᠢ ᠪᠠᠶᠢᠭᠤᠯᠵᠤ᠂ ᠬᠤᠶᠠᠷ ᠤᠷᠠᠯᠢᠭ ᠤᠨ ᠪᠦᠯᠬᠦᠮ ᠢ ᠪᠠᠶᠢᠭᠤᠯᠵᠤ᠂ ᠭᠤᠷᠪᠠᠨ ᠰᠤᠷᠤᠯᠴᠠᠬᠤ ᠲᠠᠰᠤᠭ ᠢ ᠪᠠᠶᠢᠭᠤᠯᠵᠤ᠂ ᠲᠦᠷᠪᠡᠨ ᠣᠨᠴᠠᠯᠢᠭᠲᠤ ᠠᠩᠭᠢ ᠶᠢ ᠪᠠᠶᠢᠭᠤᠯᠵᠤ᠂ ᠲᠠᠪᠤᠨ ᠰᠢᠷᠢᠰ ᠬᠢᠴᠢᠶᠡᠯ ᠢ ᠰᠠᠶᠢᠲᠤᠷ ᠰᠤᠷᠤᠯᠴᠠᠪᠠ︔20 ᠵᠢᠯ ᠳᠤ᠂ ᠨᠠᠮ ᠳᠤ ᠬᠥᠮᠥᠨ  ᠢ ᠬᠥᠮᠥᠵᠢᠭᠦᠯᠵᠦ᠂ ᠤᠯᠤᠰ ᠲᠠᠭᠠᠨ ᠴᠢᠳᠠᠪᠤᠷᠢᠲᠠᠨ ᠬᠥᠮᠥᠵᠢᠭᠦᠯᠵᠦ᠂ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠳᠣᠲᠣᠷᠠᠬᠢ 237 ᠨᠢ ᠴᠡᠷᠢᠭ ᠲᠤ ᠣᠷᠣᠵᠤ᠂ 375 ᠨᠢ ᠭᠤᠣᠯᠳᠠᠯᠭ᠎ᠠ ᠲᠠᠢ ᠶᠡᠭᠡ ᠰᠤᠷᠭᠠᠭᠤᠯᠢ ᠳᠤ ᠰᠢᠯᠭᠠᠨ ᠣᠷᠣᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠪᠦᠯᠦᠭ ᠪᠦᠯᠦᠭ ᠢᠶᠠᠷ ᠬᠥᠮᠥᠵᠢᠭᠦᠯᠵᠡᠢ︔ 20 ᠵᠢᠯ ᠤᠨ ᠡᠷᠴᠢ ᠵᠣᠷᠢᠭ ᠢᠶᠠᠨ ᠬᠥᠪᠴᠢᠯᠡᠨ᠂ ᠰᠢᠨᠲᠠᠷᠠᠰᠢ ᠦᠭᠡᠢ ᠵᠢᠳᠬᠦᠵᠦ᠂ ᠰᠤᠷᠭᠠᠭᠤᠯᠢ ᠨᠢ ᠤᠳᠠᠭ᠎ᠠ ᠳᠠᠷᠠᠭᠠᠯᠠᠨ ᠢᠷᠠᠭᠤ ᠠᠯᠳᠠᠷ ᠲᠠᠢ ᠪᠣᠯᠵᠤ᠂ 2003 ᠣᠨ ᠳᠤ ︽ᠪᠥᠬᠦ ᠤᠯᠤᠰ ᠤᠨ ᠵᠠᠭᠤᠨ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ ᠦᠨᠡᠯᠡᠭᠳᠡᠵᠦ᠂ 2009 ᠣᠨ ᠳᠤ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠣᠯᠪᠠᠰᠤᠨ ᠶᠣᠰᠣ ᠵᠢᠷᠤᠮ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠤᠷᠭᠠᠭᠤᠯᠢ︾ ᠪᠠᠷ ᠦᠨᠡᠯᠡᠭᠳᠡᠵᠦ᠂ 2013᠂ 2014 ᠣᠨ ᠳᠤ ᠰᠤᠷᠭᠠᠨ ᠬᠥᠮᠦᠵᠢᠯ ᠤᠨ ᠶᠠᠮᠤᠨ ᠠᠴᠠ ᠤᠷᠢᠳ ᠬᠤᠵᠢᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠡᠷᠢᠭᠦᠨ ᠤ ᠰᠤᠷᠭᠠᠭᠤᠯᠢ ᠪᠠᠷ ᠦᠨᠡᠯᠡᠭᠳᠡᠪᠡ᠃     2022 ᠣᠨ ᠤ 3 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠵᠤ᠂ ᠴᠠᠷᠰᠤᠨ ᠳᠤᠮᠳᠠᠳᠤ ᠰᠤᠷᠭᠠᠭᠤᠯᠢ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠤᠯᠤᠰ ᠤᠨ 360 ︽ᠨᠠᠢᠮᠠᠨ ᠰᠠᠷ᠎ᠠ ᠶᠢᠨ ᠨᠢᠭᠡᠨ ᠤ ᠠᠷᠠᠳ ᠢᠶᠠᠨ ᠬᠠᠶᠢᠷᠠᠯᠠᠬᠤ ᠰᠤᠷᠭᠠᠭᠤᠯᠢ︾ ᠶᠢᠨ ᠨᠢᠭᠡ ᠪᠠᠷ ᠲᠣᠭᠲᠠᠭᠠᠵᠠᠢ᠃ ᠡᠨᠡᠬᠦ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠬᠦ ᠶᠢᠨ ᠲᠥᠯᠥᠭᠡ᠂ ︽ᠬᠢᠩᠭᠠᠨ ᠠᠶᠢᠮᠠᠭ ᠤᠨ ᠴᠠᠷᠰᠥᠨ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ︾ ᠶᠢ ᠰᠤᠳᠤᠯᠤᠨ ᠲᠣᠭᠲᠠᠭᠠᠵᠤ᠂ ︽ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠵᠤ᠂ ᠨᠠᠮ ᠤᠨ ᠦᠢᠯᠡᠰ ᠲᠤ ᠦᠨᠡᠨᠴᠢ ᠰᠢᠳᠤᠷᠭᠤ ᠨᠡᠶᠢᠭᠡᠮ ᠵᠢᠷᠤᠮ ᠤᠨ ᠬᠤᠪᠢᠰᠬᠠᠯ ᠤᠨ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠬᠦ︾ ᠪᠠᠷ ᠬᠥᠮᠥᠵᠢᠭᠦᠯᠬᠦ ᠬᠠᠷᠠᠯᠲᠠ ᠪᠠᠨ ᠪᠣᠯᠭᠠᠬᠤ ᠪᠠᠷ ᠲᠣᠳᠣᠷᠬᠠᠢ ᠲᠣᠭᠲᠠᠭᠠᠪᠠ︔ ᠤᠯᠤᠰ ᠲᠥᠷᠥ ᠶᠢᠨ ᠬᠡᠪ ᠪᠣᠯᠪᠠᠰᠤᠷᠠᠯ ᠢᠶᠠᠷ ᠰᠠᠶᠢᠨ᠂ ᠦᠵᠡᠯ ᠰᠠᠨᠠᠭ᠎ᠠ ᠶᠣᠰᠣ ᠮᠣᠷᠠᠯ ᠢᠶᠠᠷ ᠰᠠᠶᠢᠨ᠂ ᠪᠡᠶ᠎ᠡ ᠮᠠᠬᠠᠪᠤᠳ ᠰᠡᠳᠬᠢᠴᠡ ᠪᠠᠷ ᠰᠠᠶᠢᠨ᠂ ᠣᠪᠣᠷ ᠰᠤᠷᠲᠠᠯ ᠢᠶᠠᠷ ᠰᠠᠶᠢᠨ ᠪᠠᠶᠢᠬᠤ ᠪᠠᠷᠢᠮᠵᠢᠶ᠎ᠠ ᠶᠢᠨ ᠰᠢᠰᠲ᠋ᠧᠮ ᠢᠶᠠᠷ ᠰᠤᠷᠤᠭᠴᠢᠳ ᠢ ᠬᠥᠮᠥᠵᠢᠭᠦᠯᠬᠦ ᠶᠢ ᠪᠠᠲᠤ ᠪᠠᠬᠢ ᠪᠣᠶ ᠪᠣᠯᠭᠠᠬᠤ ᠬᠡᠷᠡᠭᠲᠡᠢ︔2 ᠰᠢᠰᠲ᠋ᠧᠮ᠂ 4 ᠲᠠᠯ᠎ᠠ ᠶᠢ ᠪᠠᠭᠲᠠᠭᠠᠭᠰᠠᠨ᠂ ᠨᠡᠶᠢᠲᠡ 108 ᠬᠢᠴᠢᠶᠡᠯ ᠤᠨ ᠴᠠᠭ ᠤᠨ ᠬᠢᠴᠢᠶᠡᠯ ᠤᠨ ᠰᠢᠰᠲ᠋ᠧᠮ ᠢ ᠲᠣᠬᠢᠷᠠᠭᠤᠯᠤᠨ᠎ᠠ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡ ᠶᠢᠨ ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠶᠢᠭᠤᠯᠤᠯᠲᠠ ᠵᠡᠷᠭᠡ 5 ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ︔ ᠬᠢᠴᠢᠶᠡᠯ ᠪᠡᠯᠡᠳᠬᠡᠵᠦ ᠲᠤᠷᠰᠢᠨ ᠵᠢᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ᠂ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠵᠡᠷᠭᠡ 7 ᠲᠠᠯ᠎ᠠ ᠶᠢᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠯᠠᠭᠤ ᠪᠠᠭ᠎ᠠ ᠰᠤᠷᠤᠭᠴᠢᠳ ᠤᠨ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ ᠶᠡᠭᠡ ᠵᠣᠷᠢᠭ ᠶᠡᠭᠡ ᠮᠣᠷᠠᠯ ᠢ ᠪᠤᠢ ᠪᠣᠯᠭᠠᠵᠤ᠂ ᠢᠯᠡ ᠲᠣᠳᠣ ᠵᠦᠭᠯᠡᠭᠦᠷ ᠢ ᠪᠤᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号