ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/1
   2022062211380387924.jpg
     6 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠰᠦᠨ ᠱᠤ᠋ ᠲᠤᠸ᠂ ᠸᠠᠩ ᠵᠢᠶᠠ ᠪᠥᠸᠧ᠂ ᠶᠤᠸᠠᠢ ᠰᠥᠩ ᠱᠠᠨ᠂ ᠯᠢᠦ ᠭᠠᠩ᠂ ᠯᠢᠦ ᠬᠠᠢ ᠲᠤᠸ᠂ ᠯᠢ ᠹᠠᠩ᠂ ᠵᠠᠩ ᠰᠢᠦᠢ ᠳ᠋ᠦᠩ᠂ ᠶᠠᠩ ᠤᠯᠠᠭᠠᠨ᠂ ᠴᠧᠨ ᠭᠦᠸᠧ ᠴᠢᠩ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃     ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤ ᠶᠢᠨ ᠰᠢᠨ ᠯᠢ ᠲᠣᠰᠬᠤᠨ ᠪᠣᠯᠣᠨ ᠶᠠᠩ ᠤᠪᠤᠭᠳᠠᠨ ᠤ ᠭᠠᠴᠠᠭ᠎ᠠ ᠳᠤ ᠬᠦᠷᠴᠦ᠂ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠲᠠᠷᠢᠮᠠᠯ ᠤᠨ ᠬᠦᠷᠢᠶᠡᠨ ᠤ ᠡᠷᠦᠬᠡ᠂ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠡᠷᠦᠬᠡ ᠪᠠᠷ ᠰᠤᠷᠪᠤᠯᠵᠢᠯᠠᠵᠤ᠂ ᠶᠠᠩ ᠤᠪᠤᠭᠳᠠᠨ ᠤ ᠭᠠᠴᠠᠭ᠎ᠠ ᠶᠢᠨ ︽ᠬᠤᠪᠢ ᠬᠤᠷᠠᠮᠳᠤᠭᠤᠯᠬᠤ ᠪᠠᠩᠬᠢ︾ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃    ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠡᠭᠡᠷ᠎ᠡ᠂ ᠰᠦᠨ ᠱᠤ᠋ ᠲᠤᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠦᠷᠢᠶᠡᠨ ᠤ ᠡᠷᠡᠭᠦᠯ ᠬᠠᠮᠠᠭᠠᠯᠠᠯ ᠪᠣᠯᠣᠨ ᠭᠡᠷ ᠪᠦᠯᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ ᠬᠦᠷᠢᠶᠡᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠵᠢᠷᠤᠮᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢ ᠰᠠᠶᠢᠲᠤᠷ ᠠᠳᠬᠤᠵᠤ᠂ ᠠᠮᠢᠳᠤᠷᠠᠯ ᠤᠨ ᠪᠣᠬᠢᠷ ᠤᠰᠤ ᠶᠢ ᠰᠢᠨᠵᠢᠯᠡᠬᠦ ᠤᠬᠠᠭᠠᠨᠴᠢ ᠪᠠᠷ ᠵᠠᠰᠠᠵᠤ᠂ ︽ᠵᠣᠷᠯᠣᠩ ᠤᠨ ᠬᠤᠪᠢᠰᠬᠠᠯ ︾ ᠢ ᠭᠦᠨᠵᠡᠭᠡᠢ ᠠᠬᠢᠭᠤᠯᠵᠤ᠂ ᠭᠡᠷ ᠪᠦᠯᠢ ᠶᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ ᠪᠠᠶᠢᠬᠤ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠ ᠰᠢᠮᠳᠠᠭᠤᠯᠤᠨ ᠰᠢᠯᠭᠠᠨ ᠬᠢᠨᠠᠬᠤ ᠶᠢ ᠴᠢᠩᠭᠠᠳᠬᠠᠵᠤ᠂ ᠣᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃     ᠬᠤᠷᠠᠯ  ᠠᠴᠠ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ  ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠱᠠᠲᠤ ᠦᠶ᠎ᠡ ᠶᠢᠨ ᠴᠢᠨᠠᠷᠲᠠᠢ ᠰᠢᠯᠭᠠᠨ ᠦᠨᠡᠯᠡᠯᠲᠡ ᠶᠢᠨ ᠪᠠᠶᠢᠳᠠᠯ  ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠱᠠᠲᠤᠨ ᠤ ᠪᠣᠳᠠᠲᠠᠢ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号