2022 ᠣᠨ ᠤ ᠬᠢᠩᠭᠠᠨ ᠠᠶᠢᠮᠠᠭ ᠤᠨ ᠵᠤᠨ ᠤ ᠳᠤᠮᠳᠠ ᠰᠠᠷ᠎ᠠ ᠶᠢᠨ ᠰᠥᠨᠢ ᠶᠢᠨ ᠬᠡᠭᠡᠷ᠎ᠡ ᠪᠠᠭᠤᠳᠠᠯᠯᠠᠬᠤ ᠰᠢᠷᠠᠯᠭ᠎ᠠ ᠶᠢᠨ ᠨᠠᠶᠢᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠴᠠᠷᠠᠰᠤᠨ ᠪᠠᠯᠭᠠᠰᠤᠨ ᠳᠤ ᠡᠬᠢᠯᠡᠪᠡ
ᠨᠡᠶᠢᠲᠡᠯᠡᠭᠰᠡᠨ ᠴᠠᠭ᠄
2022/7/10
    2022071208574348886.jpg
    7 ᠰᠠᠷ᠎ᠠ ᠶᠢᠨ 9  ᠤ ᠡᠳᠦᠷ ᠂ ︽ᠵᠤᠨ ᠤ ᠳᠤᠮᠳᠠ ᠰᠠᠷ᠎ᠠ ᠶᠢᠨ ᠬᠡᠭᠡᠷ᠎ᠡ ᠪᠠᠭᠤᠳᠠᠯᠯᠠᠬᠤ ᠷᠣᠮᠠᠨᠲ᠋ᠢᠭ ᠵᠤᠨ︾ 2022  ᠤᠨ ᠬᠢᠩᠭᠠᠨ ᠠᠶᠢᠮᠠᠭ ᠤᠨ ᠵᠤᠨ ᠤ ᠳᠤᠮᠳᠠ ᠰᠠᠷ᠎ᠠ ᠶᠢᠨ ᠰᠥᠨᠢ ᠶᠢᠨ ᠬᠡᠭᠡᠷ᠎ᠡ ᠪᠠᠭᠤᠳᠠᠯᠯᠠᠬᠤ ᠰᠢᠷᠠᠯᠭ᠎ᠠ ᠶᠢᠨ ᠨᠠᠶᠢᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤᠨ ᠤ ᠬᠢᠩᠭᠠᠨ ᠮᠣᠩᠭᠤᠯ ᠭᠡᠷ ᠤᠨ ᠦᠵᠡᠮᠵᠢ ᠶᠢᠨ ᠣᠷᠣᠨ ᠳᠤ ᠭᠤᠶᠢᠳᠠ ᠰᠠᠶᠢᠬᠠᠨ ᠡᠬᠢᠯᠡᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ ᠵᠢᠴᠢ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠦᠨ ᠱᠤ᠋ ᠲᠤᠤ 2022 ᠣᠨ ᠤ ᠬᠢᠩᠭᠠᠨ ᠠᠶᠢᠮᠠᠭ ᠤᠨ ᠵᠤᠨ ᠤ ᠳᠤᠮᠳᠠ ᠰᠠᠷ᠎ᠠ ᠶᠢᠨ ᠰᠥᠨᠢ ᠶᠢᠨ ᠬᠡᠭᠡᠷ᠎ᠡ ᠪᠠᠭᠤᠳᠠᠯᠯᠠᠬᠤ ᠰᠢᠷᠠᠯᠭ᠎ᠠ ᠶᠢᠨ ᠨᠠᠶᠢᠷ ᠡᠬᠢᠯᠡᠭᠰᠡᠨ ᠢ ᠵᠠᠷᠯᠠᠪᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠸᠠᠷ ᠫᠤᠤᠵᠢᠩ ᠲᠠᠯᠪᠢᠬᠤ᠂ ᠬᠥᠭᠵᠢᠮ ᠤᠨ ᠠᠩᠭᠢ ᠶᠢᠨ ᠲᠣᠭᠯᠠᠯᠲᠠ᠂ ᠤᠯᠠᠶᠢᠷᠠᠨ ᠬᠥᠭᠡᠷᠦᠯᠳᠦᠬᠦ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠮᠠᠰᠢ ᠤᠯᠠᠨ ᠵᠤᠭᠠᠴᠠᠭᠰᠠᠳ ᠲᠤ ᠬᠡᠭᠡᠷ᠎ᠡ ᠬᠤᠨᠣᠭᠯᠠᠬᠤ ᠰᠢᠷᠠᠯᠭ᠎ᠠ ᠶᠢᠨ ᠨᠠᠶᠢᠷ ᠤᠨ ᠬᠠᠯᠠᠭᠤᠨ ᠠᠭᠤᠷ ᠠᠮᠢᠰᠬᠤᠯ ᠢ‌ᠣᠶᠢᠯᠠᠭᠠᠭᠤᠯᠵᠤ᠂ ᠰᠡᠷᠢᠭᠦᠬᠡᠨ ᠨᠠᠭᠤᠷ ᠤᠨ ᠰᠠᠯᠬᠢ ᠰᠢᠷᠠᠯᠭ᠎ᠠ ᠶᠢᠨ ᠠᠮᠲᠠ ᠶᠢ ᠳᠠᠭᠠᠯᠳᠤᠭᠤᠯᠤᠨ᠂ ᠲᠤᠬᠠᠢ ᠶᠢᠨ ᠲᠠᠯᠠᠪᠠᠢ ᠶᠢᠨ ᠦᠵᠡᠭᠴᠢᠳ ᠪᠣᠯᠣᠨ ᠵᠤᠭᠠᠴᠠᠭᠰᠠᠳ ᠲᠤ ᠲᠠᠭᠠᠯᠠᠮᠵᠢᠲᠠᠢ ᠪᠠᠷ ᠪᠢᠯᠬᠠᠨ᠎ᠠ᠃    ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠠᠵᠢᠯ ᠢ ᠶᠡᠭᠡ ᠪᠠᠷ ᠬᠥᠭᠵᠢᠭᠦᠯᠬᠦ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠤᠨ ᠠᠭᠤᠰᠤᠯᠴᠠᠭᠰᠠᠨ ᠠᠮᠢ ᠠᠬᠤᠢ ᠶᠢᠨ ᠬᠡᠯᠬᠢᠶ᠎ᠡ ᠶᠢᠨ ᠬᠥᠭᠵᠢᠯᠲᠡ ᠶᠢᠨ ᠪᠣᠯᠪᠠᠰᠤᠷᠠᠩᠭᠤᠢ ᠠᠯᠬᠤᠴᠠ ᠶᠢ ᠲᠦᠷᠭᠡᠳᠬᠡᠬᠦ ᠶᠢᠨ ᠲᠥᠯᠥᠭᠡ᠂ ᠣᠶᠢᠷ᠎ᠠ ᠶᠢᠨ ᠵᠢᠯ ᠤᠳ ᠲᠤ᠂ ᠴᠠᠷᠠᠰᠤᠨ ᠪᠠᠯᠭᠠᠰᠤ ︽ᠣᠶᠢᠷ᠎ᠠ ᠲᠡᠭᠦᠷᠭᠡ ᠶᠢᠨ ᠵᠢᠭᠤᠯᠴᠢᠯᠠᠯ︾ ᠪᠠ ︽ᠤᠷᠤᠯᠳᠤᠭᠠᠨ ᠦᠵᠡᠰᠬᠦᠯᠡᠩ ᠤᠨ ᠠᠵᠢᠯᠯᠠᠭᠠᠨ ᠤ ᠵᠢᠭᠤᠯᠴᠢᠯᠠᠯ︾ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠠᠮᠢ ᠠᠬᠤᠢ ᠶᠢᠨ ᠵᠢᠭᠤᠯᠴᠢᠯᠠᠯ ᠤᠨ ᠨᠢᠭᠡ ᠪᠦᠯᠦᠭ ᠲᠥᠷᠥᠯ ᠵᠦᠢᠯ ᠢ ᠪᠣᠶ ᠪᠣᠯᠭᠠᠵᠠᠢ᠃ ᠡᠭᠦᠨ ᠳᠤ᠂ ᠬᠢᠩᠭᠠᠨ ᠮᠣᠩᠭᠤᠯ ᠭᠡᠷ ᠤᠨ ᠦᠵᠡᠮᠵᠢ ᠶᠢᠨ ᠣᠷᠣᠨ ᠨᠢ ᠨᠢᠭᠡᠨᠲᠡ ᠣᠶᠢᠷ᠎ᠠ ᠬᠠᠪᠢ ᠶᠢᠨ ᠵᠤᠭᠠᠴᠠᠭᠰᠠᠳ ᠤᠨ ᠰᠡᠯᠡᠭᠦᠴᠡᠯ᠂ ᠵᠤᠭ᠎ᠠ ᠴᠡᠩᠭᠡᠯ᠂ ᠭᠠᠷᠠᠭ ᠤᠨ ᠰᠡᠭᠦᠯᠴᠢ ᠶᠢᠨ ᠵᠤᠭᠠᠴᠠᠯ ᠵᠢᠴᠢ ᠭᠡᠷ ᠪᠦᠯᠢ ᠶᠢᠨ ᠵᠤᠭᠠᠴᠠᠯ ᠤᠨ ᠬᠠᠮᠤᠭ ᠤᠨ ᠰᠠᠶᠢᠨ ᠭᠠᠵᠠᠷ ᠪᠣᠯᠤᠭᠰᠠᠨ ᠪᠥᠭᠡᠳ ᠲᠣᠰ ᠭᠠᠵᠠᠷ ᠤᠨ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠠᠮᠢ ᠠᠬᠤᠢ ᠪᠠᠷ ᠪᠠᠯᠭᠠᠰᠤ ᠪᠠᠶᠢᠭᠤᠯᠵᠤ᠂ ᠵᠢᠭᠤᠯᠴᠢᠯᠠᠯ ᠢᠶᠠᠷ ᠠᠷᠠᠳ ᠢ ᠪᠠᠶᠠᠵᠢᠭᠤᠯᠬᠤ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠵᠣᠨ ᠤ ᠳᠤᠮᠳᠠ‌‍ᠰᠠᠷ᠎ᠠ ᠶᠢᠨ ᠰᠥᠨᠢ ᠶᠢᠨ ᠬᠡᠭᠡᠷ᠎ᠡ ᠪᠠᠭᠤᠳᠠᠯᠯᠠᠬᠤ ᠰᠢᠷᠠᠯᠭ᠎ᠠ ᠶᠢᠨ ᠨᠠᠶᠢᠷ 7 ᠰᠠᠷ᠎ᠠ ᠶᠢᠨ 15 ᠤ ᠡᠳᠦᠷ ᠪᠣᠯᠲᠠᠯ᠎ᠠ ᠦᠷᠭᠦᠯᠵᠢᠯᠡᠨ᠎ᠡ᠂ ᠲᠣᠰ ᠬᠤᠭᠤᠴᠠᠭᠠᠨ ᠳᠤ ᠳᠠᠭᠤᠤ ᠬᠥᠭᠵᠢᠮ᠂ ᠰᠢᠷᠠᠯᠭ᠎ᠠ᠂ ᠰᠣᠨᠢᠷᠬᠠᠯ ᠤᠨ ᠲᠣᠭᠯᠠᠭᠠᠮ᠂ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠤᠰᠤᠨ ᠳᠡᠭᠡᠷᠡᠬᠢ ᠵᠤᠭ᠎ᠠ ᠴᠡᠩᠭᠡᠯ ᠵᠡᠷᠭᠡ ᠡᠯᠪᠡᠭ ᠪᠠᠶᠠᠯᠢᠭ ᠲᠠᠩᠰᠤᠭ ᠰᠠᠶᠢᠬᠠᠨ ᠵᠤᠨ ᠤ ᠠᠮᠠᠷᠠᠯᠲᠠ ᠶᠢᠨ ᠠᠵᠢᠯᠯᠠᠭ᠎ᠠ ᠥᠷᠨᠢᠭᠦᠯᠦᠨ᠎ᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号