-- ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠨᠠᠮ ᠤᠨ ᠬᠤᠷᠢᠶᠠᠨ ᠤ ᠱᠦᠵᠢ | ᠳᠠᠪᠬᠤᠷᠪᠠᠶᠠᠷ ᠤᠨ ᠲᠤᠰᠬᠠᠢ ᠰᠣᠷᠪᠤᠯᠵᠢᠯᠠᠭ᠎ᠠ | | ᠨᠠᠷᠡᠨ ᠲᠤᠨᠤᠷᠠᠵᠤ ᠨᠠᠪᠴᠢ ᠬᠥᠬᠡᠷᠡᠭᠰᠡᠨ ᠲᠤᠯᠤᠭᠠᠨ ᠰᠠᠷ᠎ᠠ ᠶᠢᠨ ᠤᠯᠠᠭᠠᠨᠮᠣᠳᠤ ᠶᠢᠨ ᠲᠠᠯ᠎ᠠ ᠨᠤᠲᠤᠭ ᠤᠨ | ᠬᠥᠬᠡ ᠣᠭᠲᠠᠷᠭᠤᠢ ᠳᠤ ᠬᠥᠪᠥᠩ ᠡᠭᠦᠯᠡ ᠬᠥᠪᠪᠦᠯᠵᠡᠨ ᠬᠥᠳᠡᠭᠡ ᠲᠠᠯ᠎ᠠ ᠳᠤ ᠨᠢ ᠦᠬᠡᠷ ᠬᠤᠨᠢᠳ ᠪᠡᠯᠴᠢᠨ | ᠬᠠᠷᠠᠭᠠᠨ ᠳᠤ ᠣᠷᠣᠭᠰᠠᠨ ᠪᠦᠬᠦᠨ ᠵᠢᠷᠤᠭ ᠶᠤᠮ ᠰᠢᠭ᠋ ᠦᠵᠡᠰᠭᠦᠯᠡᠩ ᠬᠠᠷᠠᠭᠳᠠᠨ᠎ᠠ᠃ ᠣᠷᠴᠢᠮ ᠤᠨ ᠵᠢᠯ ᠳᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ︽ᠠᠮᠢ ᠠᠬᠤᠢ ᠶᠢ ᠲᠡᠷᠢᠭᠦᠨ ᠳᠤ | ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ︾ ᠦᠵᠡᠯᠲᠡ ᠪᠠᠷ ᠤᠳᠤᠷᠢᠳᠤᠮᠵᠢ ᠪᠣᠯᠭᠠᠨ ᠠᠮᠢ | ᠠᠬᠤᠢ ᠶᠢᠨ ᠬᠥᠭᠵᠢᠯᠲᠡ ᠶᠢ ᠣᠷᠣᠨ ᠪᠦᠰᠡ ᠶᠢᠨ ᠵᠤᠭᠠᠴᠠᠯ ᠪᠠ ᠲᠠᠯ᠎ᠠ ᠨᠤᠲᠤᠭ ᠤᠨ ᠰᠣᠶᠣᠯ ᠲᠠᠢ ᠨᠢᠭᠲᠠ | ᠤᠶᠠᠯᠳᠤᠭᠤᠯᠤᠨ᠂ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠤᠣᠰ | ᠠᠮᠵᠢᠯᠲᠠ ᠶᠢ ᠡᠭᠦᠳᠦᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠪᠠᠨ ᠲᠦᠷᠭᠡᠳᠬᠡᠵᠦ ᠪᠠᠶᠢᠨ᠎ᠠ | ᠃ ᠡᠭᠦᠨ ᠤ ᠲᠤᠬᠠᠢ ᠪᠢᠳᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ | ᠨᠠᠮ ᠤᠨ ᠬᠤᠷᠢᠶᠠᠨ ᠤ ᠱᠦᠵᠢ ᠳᠠᠪᠬᠤᠷᠪᠠᠶᠠᠷ ᠢ ᠲᠤᠰᠬᠠᠶᠢᠯᠠᠨ ᠰᠤᠷᠪᠤᠯᠵᠢᠯᠠᠪᠠ᠃ | ᠰᠤᠷᠪᠤᠯᠵᠢᠯᠠᠭᠴᠢ᠄ ᠲᠠ᠊ ᠱᠦᠵᠢ ᠰᠠᠶᠢᠨ ᠪᠠᠶᠢᠨᠠᠤ︕ ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ | ᠬᠥᠭᠵᠢᠭᠦᠯᠵᠦ ᠪᠠᠶᠢᠭ᠎ᠠ ᠰᠢᠨ᠎ᠡ ᠴᠠᠭ ᠦᠶ᠎ᠡ ᠳᠤ᠂ ᠤᠯᠠᠭᠠᠨᠮᠣᠳᠤ ᠰᠤᠮᠤ ᠬᠡᠷᠬᠢᠨ ᠠᠮᠢ ᠠᠬᠤᠢ ᠶᠢ ᠬᠠᠮᠠᠭᠠᠯᠠᠬᠤ ᠶᠢᠨ | ᠬᠠᠮᠲᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ ᠪᠠᠶᠢᠬᠤ ᠪᠤᠢ︖ | ᠳᠠᠪᠬᠤᠷᠪᠠᠶᠠᠷ᠄ ᠮᠠᠨ ᠤ ᠤᠯᠠᠭᠠᠨᠮᠣᠳᠤ ᠰᠤᠮᠤ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠪᠠᠷᠠᠭᠤᠨ ᠬᠤᠶᠢᠲᠤ ᠬᠡᠰᠡᠭ ᠲᠤ ᠪᠠᠶᠢᠷᠢᠯᠠᠭᠰᠠᠨ ᠮᠠᠯ ᠠᠵᠤ ᠠᠬᠤᠢ ᠪᠠᠷ ᠭᠤᠣᠯ ᠪᠣᠯᠭᠠᠭᠰᠠᠨ ᠰᠤᠮᠤ ᠪᠣᠯᠣᠨ᠎ᠠ᠂ | ᠨᠡᠶᠢᠲᠡ 320 ᠲᠦᠮᠡᠨ ᠮᠦ ᠡᠪᠡᠰᠦ ᠪᠡᠯᠴᠢᠭᠡᠷ᠂ 671 ᠮᠠᠯᠵᠢᠯ ᠤᠨ ᠴᠡᠭ ᠲᠠᠢ᠂ ᠪᠤᠲᠠ ᠪᠤᠭ ᠮᠠᠯ ᠤᠨ ᠲᠤᠭ᠎ᠠ | 40.5 ᠲᠦᠮᠡ ᠳᠤ ᠬᠦᠷᠴᠦ ᠪᠠᠶᠢᠨ᠎ᠠ᠃ ᠤᠯᠠᠭᠠᠨᠮᠣᠳᠤ ᠰᠤᠮᠤ ᠠᠮᠢ ᠠᠬᠤᠢ ᠶᠢ ᠬᠠᠮᠠᠭᠠᠯᠠᠬᠤ ᠶᠢ ᠲᠡᠷᠢᠭᠦᠨ | ᠪᠠᠶᠢᠷᠢᠨ ᠳᠤ ᠲᠠᠯᠪᠢᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠷᠭ᠎ᠠ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠠᠰᠢᠭᠯᠠᠬᠤ ᠶᠢᠨ ᠬᠠᠮᠲᠤ ᠡᠪᠡᠰᠦ ᠪᠡᠯᠴᠢᠭᠡᠷ ᠢ ᠰᠡᠷᠭᠦᠭᠡᠬᠦ ᠲᠥᠷᠥᠯ | ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ ᠪᠠᠶᠢᠨ᠎ᠠ᠃ ᠣᠳᠤ ᠪᠦᠬᠦ ᠰᠤᠮᠤ ᠪᠠᠷ ᠢᠶᠠᠨ 4.4 ᠲᠦᠮᠡᠨ ᠮᠦ ᠡᠪᠡᠰᠦ | ᠳᠠᠷᠢᠵᠤ᠂ ᠵᠢᠯ ᠳᠤ ᠬᠤᠶᠠᠷ ᠤᠳᠠᠭ᠎ᠠ ᠡᠪᠡᠰᠦ ᠬᠠᠳᠤᠵᠤ᠂ ᠡᠪᠡᠰᠦᠨ ᠤ ᠮᠦ ᠪᠦᠷᠢ ᠶᠢᠨ ᠤᠨᠠᠯᠲᠠ1000 ᠭᠠᠷᠤᠢ | ᠺᠢᠯᠣᠭ᠍ᠷᠠᠮ ᠳᠤ ᠬᠦᠷᠴᠦ᠂ ᠮᠦ ᠪᠦᠷᠢ ᠶᠢᠨ 400 ᠲᠥᠭᠦᠷᠢᠭ ᠤᠨ ᠤᠯᠤᠰ ᠤᠨ ᠨᠥᠬᠦᠪᠦᠷᠢ ᠶᠢ ᠨᠡᠮᠡᠪᠡᠯ᠂ | ᠮᠠᠯᠴᠢᠳ ᠤᠨ ᠡᠪᠡᠰᠦᠨ ᠤ ᠠᠵᠤ ᠦᠢᠯᠡᠰ ᠤᠨ ᠮᠦ ᠪᠦᠷᠢ ᠶᠢᠨ ᠦᠷ᠎ᠡ ᠠᠰᠢᠭ 1000 ᠲᠥᠭᠦᠷᠢᠭ ᠢ ᠳᠠᠪᠠᠵᠤ | ᠪᠠᠶᠢᠨ᠎ᠠ᠃ 2018 -2020 ᠣᠨ ᠪᠣᠯᠲᠠᠯ᠎ᠠ᠂ ᠤᠯᠠᠭᠠᠨᠮᠣᠳᠤ ᠰᠤᠮᠤ ᠬᠢᠩᠭᠠᠨ ᠠᠶᠢᠮᠠᠭ ᠤᠨ ᠡᠪᠦᠯ ᠵᠤᠨ ᠬᠤᠶᠠᠷ | ᠤᠯᠠᠷᠢᠯ ᠤᠨ ᠲᠠᠯ᠎ᠠ ᠨᠤᠲᠤᠭ ᠤᠨ ᠨᠠᠭᠠᠳᠤᠮ ᠢ ᠡᠷᠬᠢᠯᠡᠵᠦ᠂ ᠵᠤᠭᠠᠴᠠᠭᠰᠠᠳ ᠤᠨ ᠲᠤᠭ᠎ᠠ 50 ᠲᠦᠮᠡᠨ ᠬᠥᠮᠥᠨ | ᠤᠳᠠᠭ᠎ᠠ ᠳᠤ ᠬᠦᠷᠴᠦ᠂ ᠲᠠᠯ᠎ᠠ ᠨᠤᠲᠤᠭ ᠤᠨ ᠴᠠᠭᠠᠨ ᠢᠳᠡᠭᠡ᠂ ᠤᠯᠠᠭᠠᠨ ᠢᠳᠡᠭᠡ᠂ ᠵᠠᠰᠠᠭᠲᠤ ᠬᠠᠳᠬᠤᠮᠠᠯ ᠵᠡᠷᠭᠡ | ᠪᠦᠲᠦᠭᠡᠭᠳᠡᠬᠦᠨ ᠵᠤᠭᠠᠴᠠᠭᠰᠠᠳ ᠤᠨ ᠬᠦᠷᠢᠶᠡᠯᠡᠯ ᠢ ᠲᠠᠲᠠᠵᠤ᠂ ᠮᠠᠯᠴᠢᠳ ᠵᠤᠭᠠᠴᠠᠯ ᠤᠨ ᠦᠢᠯᠡᠰ ᠢᠶᠠᠷ ᠲᠠᠮᠵᠢᠨ | ᠵᠢᠯ ᠳᠤ ᠬᠥᠮᠥᠨ ᠳᠤᠮᠳᠠᠴᠢ ᠪᠠᠷ 1.2 ᠲᠦᠮᠡᠨ ᠲᠥᠭᠦᠷᠢᠭ ᠤᠨ ᠣᠷᠣᠯᠭ᠎ᠠ ᠣᠯᠵᠤ ᠪᠠᠶᠢᠨ᠎ᠠ᠃ | ᠰᠤᠷᠪᠤᠯᠵᠢᠯᠠᠭᠴᠢ᠄ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠰᠠᠭᠤᠷᠢ ᠮᠥᠨ᠂ ᠤᠯᠠᠭᠠᠨᠮᠣᠳᠤ ᠰᠤᠮᠤ ᠠᠵᠤ ᠦᠢᠯᠡᠰ ᠤᠨ ᠬᠥᠭᠵᠢᠯᠲᠡ ᠶᠢ ᠬᠡᠷᠬᠢᠨ | ᠠᠬᠢᠭᠤᠯᠵᠤ ᠪᠠᠶᠢᠬᠤ ᠪᠤᠢ︖ | ᠳᠠᠪᠬᠤᠷᠪᠠᠶᠠᠷ᠄ ᠬᠤᠨᠢᠨ ᠤ ᠠᠵᠤ ᠦᠢᠯᠡᠰ ᠪᠣᠯ ᠤᠯᠠᠭᠠᠨᠮᠣᠳᠤ ᠰᠤᠮᠤ ᠶᠢᠨ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠮᠥᠨ᠃ ᠮᠠᠨ ᠤ ᠰᠤᠮᠤ ᠶᠢᠨ ᠨᠤᠲᠤᠭ ᠤᠨ ᠶᠡᠭᠡ ᠰᠡᠭᠦᠯᠲᠦ ᠬᠤᠨᠢᠨ ᠤ ᠡᠵᠡᠯᠡᠬᠦ ᠬᠠᠷᠢᠴᠠᠯ ᠨᠢ 70% ᠳᠤ | ᠬᠦᠷᠴᠦ᠂ ᠳ᠋ᠦ᠋ ᠪᠥᠸᠧ᠂ ᠰᠠᠹᠦ᠋ᠺ ᠵᠡᠷᠭᠡ ᠡᠭᠦᠯᠳᠡᠷ ᠰᠠᠶᠢᠵᠢᠷᠠᠭᠤᠯᠤᠭᠰᠠᠨ ᠮᠠᠯ ᠤᠨ ᠨᠣᠷᠮ᠎ᠠ 30% ᠳᠤ ᠬᠦᠷᠴᠦ | ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 90% ᠶᠢ ᠳᠠᠪᠠᠪᠠ᠃ ︽ᠤᠯᠠᠭᠠᠨᠮᠣᠳᠤ ᠲᠠᠯ᠎ᠠ ᠨᠤᠲᠤᠭ ᠤᠨ | ᠦᠬᠡᠷ ᠤᠨ ᠮᠢᠬ᠎ᠠ︾᠂ ︽ᠥᠪᠥᠷᠵᠢᠯᠠᠭ᠎ᠠ ᠦᠬᠡᠷ ᠬᠤᠨᠢᠨ ᠮᠢᠬ᠎ᠠ︾ ᠵᠡᠷᠭᠡ ᠨᠠᠷᠠᠲᠤ ᠲᠡᠮᠳᠡᠭᠲᠦ ᠶᠢ ᠡᠭᠦᠳᠴᠦ᠂ | ᠪᠡᠭᠡᠵᠢᠩ᠂ ᠴᠠᠩᠴᠦ᠋ᠨ ᠵᠡᠷᠭᠡ ᠭᠠᠵᠠᠷ ᠲᠤ ᠦᠬᠡᠷ ᠬᠤᠨᠢᠨ ᠮᠢᠬ᠎ᠠ ᠪᠣᠷᠣᠯᠠᠭᠤᠯᠤᠨ᠂ ᠵᠢᠯ ᠪᠦᠷᠢ ᠶᠢᠨ | ᠪᠣᠷᠤᠯᠠᠭᠤᠯᠭ᠎ᠠ ᠶᠢᠨ ᠦᠬᠡᠷ ᠬᠤᠨᠢᠨ ᠤ ᠲᠤᠭ᠎ᠠ 20 ᠲᠦᠮᠡᠨ ᠲᠣᠯᠣᠭᠠᠢ ᠶᠢ ᠳᠠᠪᠠᠵᠤ᠂ ᠮᠠᠯᠴᠢᠳ ᠤᠨ ᠵᠢᠯ | ᠪᠦᠷᠢ ᠶᠢᠨ ᠦᠬᠡᠷ ᠬᠤᠨᠢᠨ ᠮᠢᠬ᠎ᠠ ᠶᠢᠨ ᠪᠣᠷᠤᠯᠠᠭᠤᠯᠭ᠎ᠠ ᠶᠢᠨ ᠤᠷᠤᠯᠭ᠎ᠠ ᠨᠢ 2000 ᠲᠦᠮᠡᠨ ᠲᠥᠭᠦᠷᠢᠭ ᠢ | ᠳᠠᠪᠠᠵᠤ ᠪᠠᠶᠢᠨ᠎ᠠ᠃ ᠤᠯᠠᠭᠠᠨᠮᠣᠳᠤ ᠰᠤᠮᠤ ᠪᠠᠰᠠ ᠴᠠᠭᠠᠨ ᠢᠳᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠬᠡᠪᠴᠢᠶᠡᠵᠢᠭᠰᠡᠨ ᠤᠯᠠᠮᠵᠢᠯᠠᠯᠲᠤ ᠴᠠᠭᠠᠨ ᠢᠳᠡᠭᠡᠨ ᠤ ᠬᠤᠷᠰᠢᠶ᠎ᠠ 12 ᠪᠠᠶᠢᠵᠤ᠂ ᠭᠡᠷ ᠪᠦᠯᠢ ᠶᠢᠨ ᠵᠢᠵᠢᠭ | ᠦᠢᠯᠡᠳᠬᠡᠯ ᠤᠨ ᠭᠠᠵᠠᠷ 60 ᠭᠠᠷᠤᠢ ᠪᠠᠶᠢᠵᠤ᠂ ᠵᠢᠯ ᠪᠦᠷᠢ 30 30ᠲᠣᠨ ᠴᠠᠭᠠᠨ ᠢᠳᠡᠭᠡᠨ ᠪᠣᠷᠣᠯᠠᠭᠤᠯᠵᠤ | ᠪᠠᠶᠢᠨ᠎ᠠ᠃ | ᠰᠤᠷᠪᠤᠯᠵᠢᠯᠠᠭᠴᠢ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ ᠪᠣᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠪᠠᠲᠤᠯᠠᠭ᠎ᠠ ᠮᠥᠨ᠃ ᠤᠯᠠᠭᠠᠨᠮᠣᠳᠤ ᠰᠤᠮᠤ | ᠶᠠᠮᠠᠷ ᠠᠷᠭ᠎ᠠ ᠬᠡᠮᠵᠢᠶ᠎ᠡ ᠠᠪᠴᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠦᠢᠯᠡᠳᠦᠯ ᠢ ᠪᠠᠳᠠᠷᠠᠭᠤᠯᠵᠤ ᠪᠠᠶᠢᠬᠤ ᠪᠤᠢ︖ | ᠳᠠᠪᠬᠤᠷᠪᠠᠶᠠᠷ᠄ ᠤᠯᠠᠭᠠᠨᠮᠣᠳᠤ ᠰᠤᠮᠤ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠰᠤᠷᠤᠯᠴᠠᠯᠭ᠎ᠠ ᠪᠠᠷ ᠳᠠᠮᠵᠢᠨ ᠨᠠᠮ ᠤᠨ ᠭᠡᠰᠢᠭᠦᠨ ᠤ ᠨᠠᠮᠴᠢ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠳᠤ | ᠦᠢᠯᠡᠴᠢᠯᠡᠬᠦ ᠣᠪᠣᠷ ᠰᠤᠷᠲᠠᠯ ᠢᠶᠠᠨ ᠰᠠᠶᠢᠵᠢᠷᠠᠭᠤᠯᠵᠤ ᠪᠠᠶᠢᠨ᠎ᠠ᠃ ᠣᠷᠣᠨ ᠨᠤᠲᠤᠭ ᠤᠨ ᠴᠢᠳᠠᠪᠤᠷᠢᠲᠠᠨ ᠢ | ᠬᠥᠮᠥᠵᠢᠭᠦᠯᠬᠦ ᠲᠥᠪ ᠲᠤ ᠪᠠᠨ 30 ᠭᠠᠷᠤᠢ ᠰᠢᠯᠢᠳᠡᠭ ᠺᠠᠳ᠋ᠷ ᠢ ᠬᠥᠮᠥᠵᠢᠭᠦᠯᠦᠨ ᠭᠠᠴᠠᠭᠠᠨ ᠤ ︽ᠬᠤᠶᠠᠷ ᠵᠥᠪᠯᠡᠯ︾ | ᠳᠤ ᠲᠣᠮᠢᠯᠠᠨ ᠬᠡᠷᠡᠭᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ | ᠪᠠᠶᠢᠨ᠎ᠠ᠃ ᠮᠠᠯᠵᠢᠬᠤ ᠣᠷᠣᠨ ᠤ ᠭᠠᠵᠠᠷ ᠠᠭᠤᠳᠠᠮ᠂ ᠮᠠᠯᠵᠢᠯ ᠤᠨ ᠴᠡᠭ ᠲᠠᠷᠠᠬᠠᠢ ᠪᠤᠲᠠᠷᠬᠠᠢ ᠣᠨᠴᠠᠯᠢᠭ ᠲᠤ | ᠴᠢᠭᠯᠡᠭᠦᠯᠦᠨ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠶᠢ ᠳᠠᠭᠠᠭᠠᠴᠢᠯᠠᠨ᠂ ᠨᠠᠮ ᠤᠨ ᠡᠳᠦᠷ ᠤᠨ | ᠠᠵᠢᠯᠯᠠᠭ᠎ᠠ ᠶᠢ ᠲᠠᠯ᠎ᠠ ᠨᠤᠲᠤᠭ ᠪᠠ ᠮᠠᠯᠴᠢᠳ ᠤᠨ ᠭᠡᠷ ᠲᠤ ᠶᠠᠪᠤᠭᠳᠠᠭᠤᠯᠵᠤ᠂ ᠮᠠᠯᠴᠢᠳ ᠤᠨ ᠤᠯᠠᠭᠠᠨᠮᠥ᠋ᠴᠢᠷ ᠢ | ᠵᠣᠬᠢᠶᠠᠨ ᠪᠠᠶᠢᠭᠤᠯᠵᠤ᠂ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠡᠷᠴᠢᠮᠲᠡᠢ ᠥᠷᠨᠢᠭᠦᠯᠵᠦ᠂ ᠨᠠᠮ ᠤᠨ | ᠴᠢᠭᠯᠡᠯᠲᠡ᠂ ᠲᠥᠷᠥ ᠶᠢᠨ ᠪᠣᠳᠣᠯᠭ᠎ᠠ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠦᠵᠡᠯᠲᠡ ᠲᠠᠨᠢᠯᠲᠠ ᠶᠢ ᠮᠠᠯᠴᠢᠳ ᠲᠤ ᠤᠬᠠᠭᠤᠯᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠭᠤᠷ ᠠᠮᠢᠰᠬᠤᠯ ᠢ ᠥᠳᠬᠡᠷᠡᠭᠦᠯᠵᠦ ᠪᠠᠶᠢᠨ᠎ᠠ᠃ | ᠰᠤᠷᠪᠤᠯᠵᠢᠯᠠᠭᠴᠢ᠄ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠤᠯᠠᠭᠠᠨᠮᠣᠳᠤ ᠰᠤᠮᠤ ᠶᠠᠮᠠᠷ ᠰᠢᠨ᠎ᠡ | ᠬᠥᠭᠵᠢᠯᠲᠡ ᠶᠢᠨ ᠲᠥᠯᠦᠪᠵᠢᠭᠦᠯᠭᠡ ᠪᠠ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠤᠢ︖ | ᠳᠠᠪᠬᠤᠷᠪᠠᠶᠠᠷ᠄ ᠮᠠᠨ ᠤ ᠰᠤᠮᠤ ᠤᠷᠢᠳ ᠬᠤᠵᠢᠳ ︽ᠤᠯᠤᠰ ᠤᠨ ᠲᠠᠰ ᠤᠨ ᠠᠮᠢ ᠠᠬᠤᠢ ᠶᠢᠨ ᠨᠠᠷᠠᠲᠤ | ᠪᠠᠯᠭᠠᠰᠤ︾᠂ ︽ᠪᠥᠬᠦ ᠠᠶᠢᠮᠠᠭ ᠤᠨ ᠣᠨᠴᠠᠯᠢᠭᠲᠤ ᠵᠢᠭᠤᠯᠴᠢᠯᠠᠯ ᠤᠨ ᠰᠢᠶᠠᠩ ᠪᠠᠯᠭᠠᠰᠤ︾᠂ ︽ᠪᠥᠬᠦ | ᠬᠤᠰᠢᠭᠤᠨ ᠤ ᠪᠣᠬᠢᠷᠳᠤᠯ ᠦᠭᠡᠢ ᠵᠢᠭᠤᠯᠴᠢᠯᠠᠯ ᠤᠨ ᠨᠠᠷᠠᠲᠤ ᠪᠠᠯᠭᠠᠰᠤ︾ ᠵᠡᠷᠭᠡ ᠢᠷᠠᠭᠤ ᠠᠯᠳᠠᠷ ᠢ ᠣᠯᠵᠤ᠂ | ᠥᠪᠥᠷᠵᠢᠯᠠᠭ᠎ᠠ ᠭᠠᠴᠠᠭ᠎ᠠ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ︾᠂ ︽ | ᠪᠥᠬᠦ ᠣᠷᠣᠨ ᠤ ᠲᠦᠷᠦᠭᠦᠸ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ | ᠢᠶᠠᠷ ᠦᠨᠡᠯᠡᠭᠳᠡᠪᠡ᠃ ᠬᠤᠶᠢᠰᠢᠳᠠ᠂ ᠪᠢᠳᠡ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ | ᠬᠥᠭᠵᠢᠯᠲᠡ ᠶᠢ ᠠᠬᠢᠭᠤᠯᠬᠤ︾ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠵᠠᠮᠨᠠᠵᠤ᠂ ᠲᠦᠮᠡᠨ ᠮᠦ ᠶᠢᠨ ᠲᠠᠷᠢᠮᠠᠯ ᠪᠡᠯᠴᠢᠭᠡᠷ ᠪᠣᠯᠣᠨ 10 ᠲᠦᠮᠡᠨ | ᠮᠦ ᠶᠢᠨ ᠪᠠᠶᠢᠭᠠᠯᠢ ᠶᠢᠨ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠵᠤ᠂ ᠠᠯᠲᠠᠨ ᠡᠮᠡᠭᠡᠯ | ᠦᠵᠡᠮᠵᠢ ᠶᠢᠨ ᠣᠷᠣᠨ ᠢᠶᠠᠨ 4A ᠲᠠᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ᠃ | ᠠᠯᠲᠠᠨ ᠡᠮᠡᠭᠡᠯ ᠦᠵᠡᠮᠵᠢ ᠶᠢᠨ ᠣᠷᠣᠨ᠂ ᠤᠯᠠᠩ ᠤᠨ ᠭᠤᠣᠯ ᠤᠨ ᠦᠵᠡᠮᠵᠢ ᠶᠢᠨ ᠣᠷᠣᠨ᠂ ᠰᠢᠷᠡᠭᠡᠲᠦ | ᠠᠭᠤᠯᠠ ᠶᠢᠨ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠨᠡᠷᠡᠲᠦ ᠦᠵᠡᠮᠵᠢ ᠶᠢᠨ ᠣᠷᠣᠨ | ᠪᠣᠯᠭᠠᠨ ᠪᠠᠶᠢᠭᠤᠯᠵᠤ᠂ ︽ᠤᠯᠠᠭᠠᠨᠮᠣᠳᠤ ᠶᠢᠨ ᠲᠠᠯ᠎ᠠ ᠨᠤᠲᠤᠭ︾ ᠤᠨ ᠰᠣᠶᠣᠯ ᠵᠢᠭᠤᠯᠴᠢᠯᠠᠯ ᠤᠨ ᠨᠡᠷ᠎ᠡ ᠨᠥᠯᠥᠭᠡ ᠶᠢ | ᠥᠷᠭᠡᠳᠬᠡᠨ ᠪᠥᠬᠦ ᠣᠷᠣᠨ ᠤ ᠣᠷᠣᠨ ᠪᠦᠰᠡ ᠶᠢᠨ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠨ᠎ᠡ᠃ | ︵ᠪᠠᠢ ᠬᠠᠢ ᠱᠦᠨ ᠪᠠᠢ ᠰᠠᠷᠡᠨᠠ︶ | | | | | |