ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/20
   7 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠤᠷᠠᠯ ᠳᠤ ᠣᠷᠣᠯᠴᠠᠵᠠᠢ᠃    ᠰᠦᠨ ᠱᠤ᠋ ᠲᠤᠤ ᠬᠤᠷᠠᠯ ᠳᠡᠭᠡᠷ᠎ᠡ ᠬᠡᠯᠡᠬᠦ ᠳᠡᠭᠡᠨ᠄ 2022 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠡᠷᠡᠰ ᠪᠠᠲᠤᠯᠠᠵᠤ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠵᠢᠭᠤᠯᠴᠢᠯᠠᠯ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ ᠭᠦᠢᠴᠡᠳ ᠬᠡᠷᠡᠭᠯᠡᠵᠦ᠂ ᠪᠥᠬᠦ ᠬᠤᠰᠢᠭᠤᠨ ᠤ ᠲᠠᠷᠢᠶᠠᠯᠠᠩ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠬᠢᠨᠠᠨ ᠰᠢᠯᠭᠠᠵᠤ ᠬᠠᠪᠰᠤᠷᠤᠨ ᠲᠡᠳᠬᠦᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠮ ᠡᠮᠨᠡᠯᠭᠡ ᠶᠢᠨ ᠪᠠᠲᠤᠯᠠᠭ᠎ᠠ᠂ ᠣᠷᠣᠨ ᠰᠠᠭᠤᠴᠠ ᠶᠢᠨ ᠠᠮᠤᠷ ᠲᠦᠪᠰᠢᠨ᠂ ᠤᠰᠤ ᠤᠮᠳᠠ ᠶᠢᠨ ᠠᠮᠤᠷ ᠲᠦᠪᠰᠢᠨ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ  ᠲᠠᠢ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠵᠤ ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃    ᠬᠤᠷᠠᠯ ᠠᠴᠠ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︿ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ﹀ ᠶᠢᠨ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ ᠡᠷᠦᠬᠡ ᠶᠢᠨ ᠫᠠᠶᠢᠰᠠ ᠡᠯᠭᠦᠬᠦ ᠳᠦᠷᠢᠮ ᠤᠨ ᠠᠵᠢᠯ ᠤᠨ ᠲᠥᠰᠥᠯ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠵᠢᠭᠦᠯᠬᠦ ᠲᠥᠰᠥᠯ︾  ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠪᠡ᠃ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠠᠵᠢᠯ ᠤᠨ ᠮᠡᠳᠡᠭᠦᠯᠦᠯᠲᠡ ᠵᠢᠴᠢ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠤᠨ ᠬᠤᠷᠠᠯ ᠵᠢᠴᠢ ᠪᠦᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠳᠦᠷᠪᠡᠨ ᠰᠢᠶᠠᠩ ᠤᠨ ᠢᠨᠵᠧᠨᠧᠷᠢᠩ︾  ᠤᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠰᠢᠭᠤᠨ ᠤ ᠤᠳᠤᠷᠢᠳᠤᠯᠭ᠎ᠠ ᠯᠢᠦ ᠭᠠᠩ᠂ ᠯᠢᠦ ᠬᠠᠢ ᠲᠤᠸ᠂ ᠵᠠᠩ ᠰᠢᠦᠢ ᠳ᠋ᠦᠩ ᠬᠤᠷᠠᠯ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号