ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ᠄ ᠦᠪᠡᠳᠡᠭᠰᠢ ᠬᠤᠷᠠᠯ  ᠢ ᠤᠭᠲᠤᠬᠤ ᠪᠠᠷ ᠪᠥᠬᠦ ᠬᠦᠴᠦᠨ  ᠢᠶᠠᠷ  ᠢᠶᠠᠨ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2022/8/1
      ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022· ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠦᠶ᠎ᠡ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ  ᠬᠢᠨ ᠪᠦᠬᠦ ᠲᠠᠯ᠎ᠠ ᠪᠠᠷ ᠲᠠᠶᠢᠴᠢᠯᠠᠵᠦ᠂ ᠢᠳᠡᠪᠬᠢᠲᠡᠢ ᠪᠡᠯᠡᠳᠬᠡᠵᠦ᠂ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠣᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠰᠣᠳᠣᠨ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠨᠠᠷᠢᠨ ᠨᠢᠮᠪᠠᠢ ᠵᠣᠬᠢᠶᠠᠨ ᠪᠦᠲᠦᠭᠡᠵᠡᠢ᠃ ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠪᠦᠬᠦ ᠲᠣᠭᠯᠠᠭᠴᠢᠳ ᠪᠠᠴᠢᠮ ᠶᠠᠭᠠᠷᠠᠯᠲᠠᠢ ᠪᠣᠯᠪᠠᠰᠤᠷᠠᠵᠤ᠂ ᠤᠷᠠᠯᠢᠭ ᠤᠨ ᠪᠠᠶᠠᠷ ᠤᠨ ᠬᠤᠭᠤᠴᠠᠭᠠᠨ ᠳᠤ ᠪᠦᠬᠦ ᠦᠵᠡᠭᠴᠢᠳ ᠲᠤ ᠭᠤᠶᠤ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠦᠵᠡᠭᠦᠯᠬᠦ ᠪᠠᠷ ᠴᠢᠷᠮᠠᠶᠢᠵᠤ ᠪᠤᠢ᠃      ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠣᠶᠢᠷᠠᠲᠤᠬᠤ ᠳᠤ᠂ ᠰᠤᠷᠪᠤᠯᠵᠢᠯᠠᠭᠴᠢ ᠤᠯᠠᠭᠠᠨᠮᠥ᠋ᠴᠢᠷ ᠤᠨ ᠲᠣᠭᠯᠠᠭᠴᠢᠳ ᠬᠡᠰᠡᠭ ᠬᠡᠰᠡᠭ ᠪᠥᠬᠦᠶᠢᠵᠦ᠂ ᠬᠡᠰᠡᠭ ᠬᠡᠰᠡᠭ ᠦᠰᠦᠷᠴᠦ ᠬᠠᠷᠠᠶᠢᠨ᠂ ᠬᠥᠳᠡᠯᠦᠯ ᠪᠠᠷᠢᠯ ᠨᠢ ᠤᠷᠤᠰᠤᠮ᠎ᠠ ᠰᠠᠶᠢᠬᠠᠨ᠂ ᠪᠥᠵᠢᠭ ᠤᠨ ᠪᠠᠶᠢᠳᠠᠯ ᠨᠢ ᠭᠤᠶᠢᠳᠠ ᠰᠠᠶᠢᠬᠠᠨ ᠪᠠᠶᠢᠬᠤ ᠶᠢ ᠣᠯᠵᠤ ᠬᠠᠷᠠᠪᠠ᠃ ︽ᠲᠠᠶᠢᠰᠠᠨ ᠳᠡᠭᠡᠷ᠎ᠡ ᠨᠢᠭᠡ ᠮᠢᠨᠦ᠋ᠲ ᠤᠨ ᠲᠤᠭᠯᠠᠯᠲᠠ᠂ ᠲᠠᠶᠢᠰᠠᠨ ᠳᠣᠣᠷ᠎ᠠ ᠠᠷᠪᠠᠨ ᠵᠢᠯ ᠤᠨ ᠰᠢᠷᠭᠠᠭᠤ ᠪᠤᠯᠪᠠᠰᠤᠷᠠᠯ︾᠂ ᠲᠣᠭᠯᠠᠯᠲᠠ ᠪᠠᠨ ᠨᠠᠩ ᠠᠮᠢᠳᠤᠯᠢᠭ ᠰᠠᠶᠢᠬᠠᠨ ᠨᠠᠶᠢᠷᠠᠭᠤᠯᠵᠤ᠂ ᠬᠥᠳᠡᠯᠭᠡᠭᠡᠨ ᠢᠶᠠᠨ ᠨᠠᠩ ᠪᠣᠳᠠᠲᠠᠶᠢᠵᠢᠭᠤᠯᠬᠤ ᠶᠢᠨ ᠲᠥᠯᠥᠭᠡ᠂ ᠪᠥᠬᠦ ᠲᠣᠭᠯᠠᠭᠴᠢᠳ ᠬᠠᠷᠢᠯᠴᠠᠨ ᠰᠤᠳᠤᠯᠤᠨ ᠶᠠᠷᠢᠯᠴᠠᠵᠤ᠂ ᠳᠠᠬᠢᠨ ᠳᠠᠪᠲᠠᠨ ᠪᠣᠯᠪᠠᠰᠤᠷᠠᠨ᠎ᠠ᠂ ᠲᠠᠳᠠ ᠲᠠᠶᠢᠰᠠᠨ ᠳᠡᠭᠡᠷ᠎ᠡ ᠬᠦᠴᠦ ᠬᠥᠯᠥᠰᠦ ᠪᠠᠨ ᠤᠷᠤᠰᠬᠠᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠪᠦᠲᠦᠭᠡᠯ ᠢᠶᠠᠨ ᠳᠡᠭᠡᠭᠰᠢᠯᠡᠭᠦᠯᠬᠦ ᠲᠣᠭᠯᠠᠯᠲᠠ ᠳᠤ ᠣᠷᠣᠯᠴᠠᠵᠤ ᠪᠤᠢ᠃    ᠲᠡᠳᠡᠨ ᠤ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 · ᠬᠢᠩᠭᠠᠨ ᠠᠶᠢᠮᠠᠭ ᠤᠨ ᠨᠠᠭᠠᠳᠤᠮ ᠤᠨ ᠬᠤᠭᠤᠴᠠᠭᠠᠨ ᠳᠠᠬᠢ ᠭᠤᠶᠢᠳᠠ ᠰᠠᠶᠢᠬᠠᠨ ᠢᠯᠡᠷᠡᠯ ᠢ ᠬᠦᠰᠡᠨ ᠬᠦᠯᠢᠶᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号