8 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 37 ᠳ᠋ᠤᠭᠠᠷ | ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠵᠢᠴᠢ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠤᠷᠭᠠᠨ ᠬᠥᠮᠦᠵᠢᠯ ᠤᠨ ᠬᠦᠷᠢᠶ᠎ᠡ ᠪᠣᠯᠣᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶ᠎ᠡ ᠶᠢ ︽ᠪᠦᠯᠬᠦᠮ ᠮᠠᠶ᠋ᠢᠭ︾ ᠢᠶᠠᠷ ᠬᠠᠪᠰᠤᠷᠤᠨ ᠲᠡᠳᠬᠦᠵᠦ ᠲᠤᠰᠢᠶᠠᠯ | ᠡᠭᠦᠷᠭᠡᠯᠡᠭᠦᠯᠬᠦ ᠺᠠᠳ᠋ᠷ ᠢ ᠲᠤᠰᠢᠶᠠᠯ ᠳᠤ ᠲᠣᠮᠢᠯᠠᠬᠤ ᠬᠠᠮᠢᠶ᠎ᠠ ᠪᠦᠬᠦᠢ ᠶᠠᠪᠤᠳᠠᠯ ᠢ ᠰᠤᠳᠤᠯᠪᠠ︔ ᠳᠡᠭᠡᠷ᠎ᠡ ᠬᠠᠭᠠᠰ | ᠵᠢᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠪᠠ︔ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵ | 2022 ︱ 2026 ᠣᠨ︶ ︵ᠶᠠᠷᠢᠯᠴᠠᠬᠤ ᠨᠣᠣᠷᠠᠭ︶︾ ︽ᠬᠤᠰᠢᠭᠤᠨ ᠤ ᠨᠠᠮ ᠤᠨ ᠬᠤᠷᠢᠶ᠎ᠠ ᠶᠢ | ᠪᠠᠶᠢᠩᠭᠤᠵᠢᠭᠤᠯᠤᠨ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ︵ᠶᠠᠷᠢᠯᠴᠠᠬᠤ | ᠨᠣᠣᠷᠠᠭ︶ ᠢ ᠰᠣᠨᠣᠰᠴᠤ ᠰᠤᠳᠤᠯᠬᠤ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢ ᠤᠯᠠᠮ ᠨᠢᠭᠡ ᠠᠯᠬᠤᠮ | ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ ︵ᠶᠠᠷᠢᠯᠴᠠᠬᠤ ᠨᠣᠣᠷᠠᠭ︶︾ ︽ᠬᠤᠰᠢᠭᠤᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠪᠣᠯᠵᠣᠨ ᠶᠠᠷᠢᠯᠴᠠᠬᠤ ᠳᠦᠷᠢᠮ ︵ᠶᠠᠷᠢᠯᠴᠠᠬᠤ ᠨᠣᠣᠷᠠᠭ︶︾ ᠢ | ᠬᠢᠨᠠᠨ ᠵᠥᠪᠯᠡᠪᠡ᠃ | ᠬᠤᠷᠠᠯ ᠠᠴᠠ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠷᠠᠯ ᠳᠤ | ᠣᠷᠣᠯᠴᠠᠭᠰᠠᠨ ᠤᠳᠤᠷᠢᠳᠤᠯᠭ᠎ᠠ ᠪᠠᠰᠠ ᠪᠤᠰᠤᠳ ᠵᠥᠪᠯᠡᠬᠦ ᠰᠡᠳᠦᠪ ᠤᠨ ᠲᠤᠬᠠᠢ ᠬᠠᠨᠳᠤᠯᠭᠠᠲᠤ ᠴᠢᠨᠠᠷᠲᠠᠢ ᠰᠠᠨᠠᠯ | ᠰᠠᠨᠠᠭᠤᠯᠭ᠎ᠠ ᠳᠤᠷᠠᠳᠪᠠ᠃ | |