︽ᠲᠦᠭᠡᠮᠡᠯ ᠬᠠᠷᠠᠭᠠᠯᠵᠠᠯ ᠤᠨ ᠬᠡᠮᠵᠢᠶ᠎ᠡ︾ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠲᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠲᠦᠮᠡᠨ ᠳᠤ ᠦᠢᠯᠡᠴᠢᠯᠡᠬᠦ ᠥᠨᠳᠥᠷ ᠦᠷ᠎ᠡ ᠪᠦᠲᠦᠮᠵᠢ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/8/18
 【ᠰᠤᠷᠪᠤᠯᠵᠢᠯᠠᠨ ᠶᠠᠷᠢᠯᠴᠠᠭᠰᠠᠨ ᠴᠠᠭ】 2022 ᠣᠨ ᠤ 5 ᠰᠠᠷ᠎ᠠ ᠶᠢᠨ 26 ᠤ ᠡᠳᠦᠷ 【 ᠰᠣᠷᠪᠤᠯᠵᠢᠯᠠᠭ᠎ᠠ ᠶᠢᠨ ᠵᠣᠴᠢᠨ 】 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ  ᠯᠢᠦ ᠶᠢᠩ 【ᠭᠤᠣᠯ ᠰᠠᠨᠠᠭᠤᠯᠤᠮᠵᠢ】      ᠠᠵᠤ ᠠᠬᠤᠶᠢᠯᠠᠯ ᠪᠣᠯᠣᠨ ᠣᠯᠠᠨ ᠲᠦᠮᠡᠨ ᠤ ︽ᠲᠤᠰ ᠲᠤᠰ ᠲᠠᠭᠠᠨ ᠡᠷᠬᠢᠯᠡᠬᠦ︾᠂ ︽ᠣᠯᠠᠨ ᠭᠠᠵᠠᠷ ᠢᠶᠠᠷ ᠭᠦᠶᠦᠬᠦ︾᠂ ︽ᠪᠤᠴᠠᠵᠤ ᠭᠦᠶᠦᠬᠦ︾ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠦᠢᠯᠡᠴᠢᠯᠡᠭᠡᠨ ᠤ ᠵᠦᠢᠯᠡᠰ ᠢ ᠨᠠᠷᠢᠯᠢᠭᠵᠢᠭᠤᠯᠤᠨ ᠡᠮᠬᠢᠯᠡᠵᠦ᠂ ᠭᠤᠶᠤᠴᠢᠯᠠᠯ ᠤᠨ ᠬᠦᠰᠦᠨᠦᠭᠲᠦ᠂ ᠭᠤᠶᠤᠴᠢᠯᠠᠯ ᠤᠨ ᠮᠠᠲ᠋ᠧᠷᠢᠶᠠᠯ᠂ ᠬᠢᠨᠠᠨ ᠵᠥᠪᠰᠢᠶᠡᠷᠡᠬᠦ ᠭᠤᠭᠴᠤᠭ᠎ᠠ ᠵᠢᠴᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠨᠢᠭᠡᠳᠬᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠨᠴᠠᠯᠢᠭ ᠲᠠᠢ ︽ᠨᠢᠭᠡ ᠬᠠᠭᠤᠳᠠᠰᠤ ᠲᠣᠳᠣᠷᠬᠠᠢ ᠬᠦᠰᠦᠨᠦᠭᠲᠦ᠂ ᠨᠢᠭᠡ ᠠᠵᠢᠯ ᠤᠨ ᠶᠠᠪᠤᠴᠠ᠂ ᠨᠢᠭᠡ ᠢᠵᠢ ᠬᠦᠰᠦᠨᠦᠭᠲᠦ ᠶᠢᠨ ᠬᠠᠭᠤᠳᠠᠰᠤ︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠨ᠎ᠠ᠃ 【ᠰᠣᠷᠪᠤᠯᠵᠢᠯᠠᠭ᠎ᠠ ᠶᠢᠨ ᠠᠭᠤᠯᠭ᠎ᠠ】   ᠰᠤᠷᠪᠤᠯᠵᠢᠯᠠᠭᠴᠢ᠄ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠪᠣᠳᠠᠲᠠᠢ ᠪᠠᠷ ᠲᠠᠨᠢᠯᠴᠠᠭᠤᠯᠤᠨ᠎ᠠ︖   ᠯᠢᠦ ᠶᠢᠩ᠄ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠪᠣᠯ ᠪᠥᠬᠦ ᠣᠷᠣᠨ ᠤ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠠᠵᠢᠯ ᠤᠨ ᠨᠢᠭᠡ ᠪᠣᠯᠣᠨ᠎ᠠ᠂ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠪᠣᠳᠠᠲᠠᠢ ᠳᠤ ᠰᠠᠭᠤᠷᠢᠯᠠᠨ᠂ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ ᠬᠡᠷᠡᠭᠵᠢᠭᠦᠯᠬᠦ ᠬᠤᠷᠠᠮᠠᠯ ᠴᠢᠨᠠᠷᠲᠠᠢ ᠥᠭᠡᠷᠡᠴᠢᠯᠡᠯᠲᠡ ᠮᠥᠨ᠂ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ︽ᠨᠢᠭᠡ ᠶᠠᠪᠤᠳᠠᠯ︾ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠢ ᠨᠢᠭᠡᠳᠦᠯᠲᠡᠢ ᠲᠥᠯᠥᠪᠯᠡᠬᠦ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃   ᠰᠤᠷᠪᠤᠯᠵᠢᠯᠠᠭᠴᠢ᠄ ᠶᠠᠭᠤᠨ ᠳᠤ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠦᠭᠰᠡᠨ ᠪᠣᠶ︖  ᠯᠢᠦ ᠶᠢᠩ᠄ 2020 ᠣᠨ ᠤ 9 ᠰᠠᠷ᠎ᠠ ᠶᠢᠨ 11 ᠤ ᠡᠳᠦᠷ᠂ ᠶᠡᠷᠦᠩᠬᠡᠢ ᠰᠠᠶᠢᠳ ᠯᠢ ᠺᠧ ᠴᠢᠶᠠᠩ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠠᠯᠢ ᠣᠯᠠᠨ ᠬᠤᠯᠪᠣᠭᠳᠠᠯ ᠪᠦᠬᠦᠢ ᠤᠴᠢᠷ ᠶᠠᠪᠤᠳᠠᠯ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠰᠦᠪᠡᠭᠴᠢᠯᠡᠨ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠪᠠ ᠬᠡᠷᠡᠭᠴᠡᠭᠡ ᠪᠦᠬᠦᠢ ᠭᠡᠷᠡᠴᠢᠯᠡᠬᠦ ᠮᠠᠲ᠋ᠧᠷᠢᠶᠠᠯ ᠢ ᠪᠠᠭᠠᠰᠬᠠᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ﹀ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠲᠣᠭᠲᠠᠭᠠᠵᠤ᠂ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ᠰᠤᠷᠪᠤᠯᠵᠢᠯᠠᠭᠴᠢ᠄ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠨᠢ ᠠᠵᠤ ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖ᠯᠢᠦ ᠶᠢᠩ᠄ ᠤᠴᠢᠷ ᠶᠠᠪᠤᠳᠠᠯ ᠤᠨ ᠨᠠᠷᠢᠨ ᠲᠠᠩᠰᠠ ᠶᠢ ᠨᠢᠭᠡᠳᠦᠯᠲᠡᠢ ᠡᠮᠬᠢᠯᠡᠬᠦ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠨᠢᠭᠡᠳᠦᠯᠲᠡᠢ ᠨᠠᠶᠢᠷᠠᠭᠤᠯᠤᠨ ᠨᠡᠶᠢᠲᠡᠯᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠨ᠎ᠠ᠃ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠶᠢ ᠠᠬᠢᠭᠤᠯᠵᠤ᠂ ᠤᠯᠠᠨ ᠭᠦᠢᠴᠡᠳᠬᠡᠬᠦ ︽ᠲᠠᠩ ᠭᠠᠭᠴᠠ ᠵᠦᠢᠯᠡᠰ︾  ᠢ ᠠᠵᠤ ᠠᠬᠤᠶᠢᠯᠠᠯ ᠤᠨ ᠤᠯᠠᠨ ᠲᠦᠮᠡᠨ ᠤ ᠬᠠᠷᠠᠭᠠᠰᠤ ᠶᠢᠨ ︽ᠨᠢᠭᠡ ᠶᠠᠪᠤᠳᠠᠯ︾ ᠪᠣᠯᠭᠠᠵᠤ᠂ ︽ᠨᠢᠭᠡ ᠯᠡ ᠤᠳᠠᠭ᠎ᠠ ᠮᠡᠳᠡᠭᠳᠡᠬᠦ᠂ ᠨᠢᠭᠡ ᠢᠵᠢ ᠬᠦᠰᠦᠨᠦᠭᠲᠦ ᠶᠢᠨ ᠬᠠᠭᠤᠳᠠᠰᠤ᠂ ᠨᠢᠭᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠤᠯᠪᠤᠭᠠᠯᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠶᠢ ᠬᠡᠷᠡᠭᠵᠢᠭᠦᠯᠬᠦ ᠪᠠᠷ ᠳᠠᠮᠵᠢᠭᠤᠯᠵᠤ᠂ ︽ᠤᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠤᠯᠠᠨ ᠤᠳᠠᠭ᠎ᠠ ᠭᠦᠶᠦᠬᠦ︾ ᠶᠢ ︽ᠨᠢᠭᠡ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠤᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ ︽ᠨᠢᠭᠡ ᠤᠳᠠᠭ᠎ᠠ ᠳᠤ ᠭᠦᠢᠴᠡᠳᠬᠡᠬᠦ︾ ᠬᠠᠮᠲᠤᠷᠠᠨ ᠭᠦᠢᠴᠡᠳᠬᠡᠬᠦ ᠵᠦᠢᠯᠡᠰ ᠢ ᠨᠢᠭᠡᠨᠲᠡ 8669 ᠭᠦᠢᠴᠡᠳᠬᠡᠵᠦ᠂ ᠭᠦᠢᠴᠡᠳᠬᠡᠬᠦ ᠴᠠᠭ ᠤᠨ ᠬᠢᠵᠠᠭᠠᠷ ᠢ ᠳᠤᠮᠳᠠᠴᠢ ᠪᠠᠷ 70% ᠪᠠᠷ ᠪᠠᠭᠠᠰᠬᠠᠵᠤ᠂ ᠭᠤᠶᠤᠴᠢᠯᠠᠬᠤ ᠮᠠᠲ᠋ᠧᠷᠢᠶᠠᠯ ᠢ ᠳᠤᠮᠳᠠᠴᠢ ᠪᠠᠷ 37% ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 54% ᠪᠠᠷ ᠪᠠᠭᠠᠰᠬᠠᠵᠤ᠂ ᠭᠦᠶᠦᠯᠲᠡ ᠶᠢᠨ ᠲᠤᠭ᠎ᠠ ᠶᠢ ᠳᠤᠮᠳᠠᠴᠢ ᠪᠠᠷ 33%  ᠪᠠᠷ ᠪᠠᠭᠠᠰᠬᠠᠵᠤ᠂ ᠮᠠᠨ ᠤ ᠬᠤᠰᠢᠭᠤᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠪᠡ᠃   ᠰᠤᠷᠪᠤᠯᠵᠢᠯᠠᠭᠴᠢ᠄ ᠮᠠᠨ ᠤ ᠬᠤᠰᠢᠭᠤᠨ ᠤ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠢ ᠬᠡᠷᠡᠭᠵᠢᠭᠦᠯᠬᠦ ᠠᠵᠢᠯ ᠢ ᠬᠡᠷᠬᠢᠨ ᠠᠬᠢᠭᠤᠯᠬᠤ ᠪᠣᠶ︖   ᠯᠢᠦ ᠶᠢᠩ᠄ ᠨᠢᠭᠡ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠢ ᠪᠡᠯᠡ ᠮᠥᠩᠭᠦ ᠭᠠᠷᠭᠠᠵᠤ᠂ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ︽ᠳᠥᠷᠪᠡ ᠶᠢ ᠡᠷᠭᠢᠯᠡᠬᠦ︾ ᠴᠣᠩᠬᠤᠪᠴᠢ ᠶᠢᠨ ᠠᠵᠢᠯᠲᠠᠨ ᠢ ᠣᠷᠣᠭᠤᠯᠤᠨ ᠠᠪᠴᠢᠷᠠᠬᠤ ᠶᠢᠨ ᠬᠠᠮᠲᠤ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠤᠰᠬᠠᠶᠢᠵᠢᠯᠲᠠ ᠶᠢ ᠪᠠᠲᠤᠯᠠᠪᠠ᠃ ᠬᠤᠶᠠᠷ ᠲᠤ᠂ ︽ᠠᠵᠤ ᠠᠬᠤᠶᠢᠯᠠᠯ ᠨᠡᠭᠡᠭᠡᠨ ᠡᠷᠭᠢᠯᠡᠬᠦ ᠲᠤᠰᠬᠠᠢ ᠣᠷᠣᠨ︾᠂ ︽ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠰᠬᠠᠢ ᠣᠷᠣᠨ︾᠂ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠤᠰᠬᠠᠢ ᠣᠷᠣᠨ︾᠂ ︽ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠲᠤᠰᠬᠠᠢ ᠣᠷᠣᠨ︾ ᠵᠡᠷᠭᠡ ᠳᠥᠷᠪᠡᠨ ᠶᠡᠭᠡ ᠲᠤᠰᠬᠠᠢ ᠣᠷᠣᠨ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ︽ᠲᠤᠰᠬᠠᠢ ᠣᠷᠣᠨ︾ + ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠪᠣᠶ ᠪᠣᠯᠭᠠᠨ᠎ᠠ᠃ ᠭᠤᠷᠪᠠ ᠳᠤ᠂ ᠣᠯᠠᠨ ᠲᠦᠮᠡᠨ ᠤ ᠣᠯᠠᠨ ᠲᠦᠮᠡᠨᠴᠢ ᠴᠢᠨᠠᠷᠲᠠᠢ ᠬᠡᠷᠡᠭ ᠶᠠᠪᠤᠳᠠᠯ  ᠢ ᠰᠢᠢᠳᠪᠦᠷᠢᠯᠡᠬᠦ ᠲᠠᠢ ᠤᠶᠠᠯᠳᠤᠭᠤᠯᠤᠨ᠂ ᠨᠡᠶᠢᠲᠡ 120 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠬᠡᠷᠡᠭ ᠶᠠᠪᠤᠳᠠᠯ  ᠢ ᠡᠮᠬᠢᠯᠡᠨ ᠳᠢᠭᠯᠡᠪᠡ᠃ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠨᠢᠭᠡᠳᠦᠯᠲᠡᠢ ᠰᠢᠯᠢᠳᠡᠭᠵᠢᠭᠦᠯᠦᠨ ᠳᠠᠬᠢᠨ ᠵᠣᠬᠢᠶᠠᠵᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠨᠠᠶᠢᠷᠠᠭᠤᠯᠤᠨ ᠨᠡᠶᠢᠲᠡᠯᠡᠵᠦ᠂ ᠰᠦᠯᠵᠢᠶᠡᠨ ᠭᠠᠳᠠᠨᠠᠬᠢ ︽ᠨᠢᠭᠡ ᠯᠡ ᠤᠳᠠᠭ᠎ᠠ ᠳᠤ ᠭᠦᠢᠴᠡᠳᠬᠡᠬᠦ ︾ ᠴᠣᠩᠬᠤ ᠲᠣᠬᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠰᠦᠯᠵᠢᠶᠡᠨ ᠳᠡᠭᠡᠷᠡᠬᠢ ᠲᠤᠰᠬᠠᠢ ᠪᠤᠯᠤᠩ ᠢ ᠨᠢᠭᠡᠳᠦᠯᠲᠡᠢ ᠲᠣᠬᠢᠷᠠᠭᠤᠯᠬᠤ ᠶᠢᠨ ᠬᠠᠮᠲᠤ 28 ᠬᠥᠮᠥᠨ ᠤ ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠥᠪᠥᠷ ᠮᠣᠩᠭᠤᠯ ᠤᠨ ᠬᠤᠷᠳᠤᠴᠠ ᠪᠠᠷ ᠠᠵᠢᠯᠯᠠᠬᠤ · ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号