ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠥᠳᠡᠭᠡ ᠪᠠᠭᠤᠵᠤ ᠠᠯᠪᠠᠨ ᠵᠢᠷᠤᠮ ᠤᠨ ᠡᠮᠴᠢᠯᠡᠭᠡ ᠬᠢᠵᠦ ᠡᠷᠡᠭᠦᠯ ᠮᠡᠨᠳᠦ ᠪᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠬᠦᠷᠭᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2022/8/23
    ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠯᠠᠮᠵᠢᠯᠠᠨ ᠬᠠᠶᠢᠷᠠᠯᠠᠵᠤ᠂ ᠣᠯᠠᠨ ᠲᠦᠮᠡᠨ ᠤ ᠲᠣᠰ ᠪᠡᠶ᠎ᠡ ᠶᠢᠨ ᠡᠷᠡᠭᠦᠯ ᠴᠢᠭᠢᠷᠠᠭ ᠢᠶᠠᠨ ᠠᠩᠬᠠᠷᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠭᠠᠰᠤᠲᠠᠢ ᠰᠢᠶᠠᠩ ᠤᠨ ᠤᠰᠤᠨ ᠴᠥᠭᠦᠷᠥᠮ ᠤᠨ ᠲᠣᠰᠬᠤᠨ ᠳᠤ ᠭᠦᠨᠵᠡᠭᠡᠶᠢᠷᠡᠵᠦ᠂ ᠠᠷᠠᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠪᠠᠷᠭᠠᠰᠤᠲᠠᠢ ᠰᠢᠶᠠᠩ ᠤᠨ ᠤᠰᠤᠨ ᠴᠥᠭᠦᠷᠥᠮ ᠤᠨ ᠲᠣᠰᠬᠤᠨ ᠠᠴᠠ ᠬᠤᠳᠠ ᠶᠢᠨ ᠲᠣᠭᠤᠷᠢᠭ ᠬᠦᠷᠲᠡᠯ᠎ᠡ 40 ᠮᠢᠨᠦ᠋ᠲ ᠤᠨ ᠴᠠᠭ ᠬᠡᠷᠡᠭᠰᠡᠳᠡᠭ᠂ ᠲᠣᠰᠬᠤᠨ ᠤ ᠣᠯᠠᠩᠬᠢ ᠥᠨᠳᠥᠷ ᠨᠠᠰᠤᠲᠠᠨ ᠳᠤ ᠠᠪᠴᠤ ᠬᠡᠯᠡᠪᠡᠯ᠂ ᠶᠠᠪᠤᠵᠤ ᠰᠠᠭᠤᠬᠤ ᠳᠤ ᠳᠥᠭᠦᠮ ᠦᠭᠡᠢ ᠪᠠᠶᠢᠳᠠᠭ᠃ ᠲᠣᠰᠬᠤᠨ ᠤ ᠠᠷᠠᠳ ᠶᠣᠣ ᠬᠦᠢ ᠯᠠᠨ ᠠᠶᠢᠮᠠᠭ ᠤᠨ ᠡᠮᠨᠡᠯᠭᠡ ᠶᠢᠨ ᠠᠩᠭᠢ ᠶᠢᠨ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ ᠳᠤ ᠢᠷᠡᠬᠦ ᠰᠠᠶᠢᠨ ᠴᠢᠮᠡᠭᠡ ᠶᠢ ᠰᠣᠨᠣᠰᠤᠭᠰᠠᠨ ᠤ ᠲᠠᠷᠠᠭ᠎ᠠ᠂ ᠥᠷᠯᠥᠭᠡ ᠡᠷᠲᠡ ᠲᠣᠰᠬᠤᠨ ᠤ ᠰᠠᠭᠤᠭ᠎ᠠ ᠭᠠᠵᠠᠷ ᠲᠤ ᠢᠷᠡᠵᠤ ᠬᠦᠯᠢᠶᠡᠪᠡ᠃    ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠤᠷ ᠲᠤ᠂ ᠭᠠᠴᠠᠭᠠᠨ ᠤ ᠠᠷᠠᠳ ᠣᠯᠠᠨ ᠡᠮᠨᠡᠯᠭᠡ ᠶᠢᠨ ᠠᠵᠢᠯᠲᠠᠨ ᠤ ᠲᠣᠭᠤᠷᠢᠨ ᠳᠤ ᠴᠤᠭᠯᠠᠷᠠᠵᠤ᠂ ᠡᠮᠴᠢ ᠳᠤ ᠡᠪᠡᠳᠴᠢᠨ ᠤ ᠪᠠᠶᠢᠳᠠᠯ ᠢᠶᠠᠨ ᠲᠣᠭᠠᠴᠢᠵᠤ᠂ ᠡᠮᠴᠢ ᠴᠤ ᠨᠠᠷᠢᠨ ᠬᠢᠨᠠᠮᠠᠭᠠᠢ ᠰᠣᠨᠣᠰᠴᠤ᠂ ᠭᠠᠴᠠᠭᠠᠨ ᠤ ᠠᠷᠠᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠬᠤ ᠶᠢᠨ ᠬᠠᠮᠲᠤ ᠡᠮ ᠤᠨ ᠵᠦᠢᠯ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠡᠷᠡᠭᠦᠯ ᠮᠡᠨᠳᠦ ᠶᠢᠨ ᠲᠠᠯ᠎ᠠ ᠪᠠᠷ ᠵᠢᠭᠠᠨ ᠵᠢᠯᠤᠭᠤᠤᠴᠠᠢ᠃   ᠠᠵᠢᠯᠯᠠᠭ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠰᠠ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ᠂ ᠪᠠᠷᠭᠠᠰᠤᠲᠠᠢ ᠰᠢᠶᠠᠩ ᠤᠨ ᠮᠢᠨ ᠹᠠ ᠲᠣᠰᠬᠤᠨ᠂ ᠬᠤᠷᠴᠢᠨ ᠪᠠᠯᠭᠠᠰᠤᠨ ᠤ ᠰᠢᠩ ᠺᠧ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠨᠡᠶᠢᠲᠡ 200 ᠭᠠᠷᠤᠢ ᠬᠥᠮᠥᠨ ᠠᠷᠠᠳ ᠢ ᠣᠨᠣᠰᠢᠯᠠᠨ ᠵᠠᠰᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号