8 ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠰᠬᠢᠨ ᠦᠷᠪᠢᠰᠦᠯ ᠤᠨ ᠬᠢᠵᠢᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/25
     8 ᠳ᠋ᠤᠭᠠᠷ ᠰᠠᠷ᠎ᠠ ᠶᠢᠨ 24 ᠤ ᠡᠳᠦᠷ ᠤᠨ 0 ︱ 24 ᠴᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠨ ᠬᠥᠮᠥᠨ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ 3 ᠶᠢ ᠰᠢᠨ᠎ᠡ ᠪᠠᠷ ᠨᠡᠮᠡᠭᠳᠡᠭᠦᠯᠵᠦ᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ 13 ᠶᠢ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠠᠴᠠ ᠬᠥᠬᠡᠬᠤᠲᠠ ᠶᠢᠨ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠰᠠᠯᠭᠠᠨ ᠲᠣᠬᠢᠷᠠᠭᠤᠯᠪᠠ᠃ ᠲᠤᠰ ᠭᠠᠵᠠᠷ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ 6 ᠬᠥᠮᠥᠨ ᠡᠮᠨᠡᠯᠭᠡ ᠠᠴᠠ ᠭᠠᠷᠴᠤ᠂ ᠡᠭᠦᠨ ᠳᠤ ᠬᠥᠬᠡᠬᠤᠲᠠ ᠳᠤ 2 ︵ᠦᠴᠦᠸᠠᠨ ᠰᠢᠶᠠᠨ ᠳᠤ 1᠂ ᠭᠠᠳᠠᠷ ᠮᠤᠵᠢ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ 1 ᠪᠣᠶ︶᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 2 ︵ᠴᠥᠮ‌ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠠᠨᠠᠭᠠᠬᠤ ᠤᠬᠠᠭᠠᠨ ᠤ ᠠᠵᠢᠭᠯᠠᠯᠲᠠ ᠶᠢ ᠲᠠᠶᠢᠯᠤᠭᠰᠠᠨ ᠲᠣᠰ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 3 ︵ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶ ᠪᠣᠶ᠃    8 ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠨᠤᠲᠤᠭ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 30 ᠪᠤᠶ᠃ ᠡᠭᠦᠨ ᠳᠤ ᠬᠥᠬᠡᠬᠤᠲᠠ ᠳᠤ 3 ︵ᠴᠥᠮ ᠠᠳᠠᠯᠢ ᠨᠢᠭᠡᠨ ᠡᠭᠡᠯᠵᠢ ᠶᠢᠨ ᠨᠢᠰᠬᠡᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠣᠨ᠎ᠠ︶᠂ ᠪᠤᠭᠤᠲᠤ ᠬᠤᠲᠠ ᠳᠤ 2 ︵ᠴᠥᠮ ᠴᠢᠩᠱᠠᠨ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 6 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ ᠲᠤ 4 ︵ᠴᠥᠮ ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ ᠳᠤ 13 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠶ︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠶ︶᠂ ᠲᠣᠰ ᠭᠠᠵᠠᠷ ᠲᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 17 ᠪᠣᠶ᠂ ᠡᠭᠦᠨ ᠳᠤ ᠬᠥᠯᠥᠨ ᠪᠤᠶᠢᠷ ᠬᠤᠲᠠ 2 ︵ᠴᠥᠮ ᠮᠠᠨᠵᠤᠤᠷ ᠬᠤᠲᠠ ᠳᠤ ᠪᠣᠶ︶᠂ ᠰᠢᠯᠢ ᠶᠢᠨ ᠭᠤᠣᠯ ᠠᠶᠢᠮᠠᠭ 1 ︵ᠡᠷᠢᠶᠡᠨ ᠬᠤᠲᠠ ᠳᠤ ᠪᠣᠶ︶᠂ ᠤᠯᠠᠭᠠᠨᠴᠠᠪ ᠬᠤᠲᠠ 11 ︵ᠵᠢᠨᠢᠩ ᠲᠣᠭᠤᠷᠢᠭ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 10︶᠂ ᠠᠯᠠᠱᠠ ᠠᠶᠢᠮᠠᠭ 3 ︵ᠴᠥᠮ ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ 3 ᠣᠨᠣᠰᠢᠯᠠᠭᠰᠠᠨ ᠡᠪᠡᠳᠴᠢᠨ ᠤ ᠵᠢᠱᠢᠶ᠎ᠡ ᠣᠷᠣᠭᠤᠯᠵᠤ ᠂ ᠡᠪᠡᠳᠴᠢᠨ ᠤ ᠢᠯᠡᠷᠡᠯ ᠦᠭᠡᠢ ᠪᠠᠷ 15 ᠬᠠᠯᠳᠠᠪᠤᠷᠢᠯᠠᠭᠰᠠᠨ ᠬᠥᠮᠥᠨ ᠣᠷᠣᠭᠤᠯᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠭᠦᠯᠵᠦ᠂ ᠣᠶᠢᠷᠠᠲᠤᠭᠰᠠᠳ ᠪᠦᠬᠦᠨ  ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠯᠭᠡᠵᠦ᠂ ᠬᠢᠵᠢᠭ ᠤᠨ ᠥᠷᠭᠡᠵᠢᠨ ᠳᠡᠯᠭᠡᠷᠡᠬᠦ  ᠶᠢ ᠴᠢᠩᠭ᠎ᠠ  ᠰᠡᠷᠭᠡᠶᠢᠯᠡᠵᠤ ᠪᠠᠶᠢᠨ᠎ᠠ᠃   ︵ᠬᠤᠸᠠᠩ ᠯᠢ ᠬᠤᠸᠠ ᠡᠬᠡ ᠪᠢᠴᠢᠭ ᠬᠠᠩᠭᠠᠪᠠ︶
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号