ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠲᠤᠬᠠᠢ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/8/5
     2022080409201660426.png
     8 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠲᠤᠬᠠᠢ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠰᠦᠨ ᠱᠤ᠋ ᠲᠤᠤ ᠬᠡᠯᠡᠬᠦ ᠳᠡᠭᠡᠨ᠄ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠮᠢ ᠠᠬᠤᠢ ᠶᠢᠨ ᠵᠠᠮ ᠢᠶᠠᠷ ᠵᠠᠮᠨᠠᠵᠤ᠂ ᠪᠤᠬᠢᠷᠳᠠᠯ ᠦᠭᠡᠢ ᠫᠠᠶᠢᠰᠠ ᠪᠣᠰᠬᠠᠵᠤ᠂ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠂  ᠰᠤᠶᠤᠯ ᠵᠢᠭᠤᠯᠴᠢᠯᠠᠯ ᠤᠨ ᠦᠢᠯᠡᠰ ᠢ ᠬᠦᠭᠵᠢᠭᠦᠯᠦᠨ᠎ᠡ︾ ᠬᠥᠭᠵᠢᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠪᠥᠬᠦ ᠵᠢᠯ ᠤᠨ ᠬᠠᠷᠠᠯᠲᠠᠲᠤ ᠡᠭᠦᠷᠭᠡ ᠪᠠ ᠭᠤᠣᠯᠳᠠᠯᠭ᠎ᠠ ᠲᠠᠢ ᠠᠵᠢᠯ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠬᠢᠷᠠᠭᠤᠯᠤᠯᠲᠠ ᠶᠢ ᠴᠢᠩᠭᠠᠳᠬᠠᠬᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠣᠯᠠᠨ ᠤ ᠬᠦᠷᠢᠶᠡᠯᠡᠯ ᠢ ᠣᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 · ᠬᠢᠩᠭᠠᠨ ᠠᠶᠢᠮᠠᠭ ᠤᠨ ᠨᠠᠭᠠᠳᠤᠮ ᠢ ᠢᠳᠡᠪᠬᠢᠲᠡᠢ ᠳᠠᠭᠠᠭᠠᠴᠢᠯᠠᠨ ᠡᠷᠭᠢᠯᠡᠵᠦ᠂ ᠮᠠᠨ ᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠥᠬᠦ ᠬᠦᠴᠦᠨ ᠢᠶᠠᠷ ᠢᠶᠠᠨ ᠤᠬᠠᠭᠤᠯᠤᠨ ᠲᠠᠨᠢᠯᠴᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠣᠳᠣᠬᠠᠨ ᠤ ᠠᠰᠢᠭᠲᠠᠢ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠣᠰ ᠭᠠᠵᠠᠷ ᠣᠷᠣᠨ ᠤ ᠪᠠᠨ ᠭᠤᠣᠯᠯᠠᠬᠤ ᠠᠵᠤ ᠦᠢᠯᠡᠰ ᠵᠢᠴᠢ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠢᠷᠡᠬᠦ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠴᠢᠯᠠᠨ ᠲᠥᠯᠥᠪᠯᠡᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠤᠢ ᠰᠢᠭᠤᠢ ᠡᠪᠡᠰᠦ ᠪᠡᠯᠴᠢᠭᠡᠷ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠪᠠ ᠭᠠᠵᠠᠷ ᠰᠢᠷᠣᠢ ᠶᠢᠨ ᠲᠠᠷᠢᠶᠠᠯᠠᠵᠤ ᠨᠥᠬᠦᠪᠦᠷᠢᠯᠡᠬᠦ ᠬᠥᠮᠥᠷᠭᠡ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠯᠢᠳᠡᠭ ᠰᠤᠷᠲᠠᠯ ᠢᠶᠠᠷ ᠢᠶᠠᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃    ᠸᠠᠩ ᠯᠢ ᠳ᠋ᠦᠩ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠪᠣᠯᠣᠨ ᠪᠦᠬᠦ ᠠᠶᠢᠮᠠᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠬᠤᠶᠠᠳᠤᠭᠠᠷ ᠤᠯᠠᠷᠢᠯ ᠤᠨ︽ᠭᠤᠷᠪᠠᠨ ᠳᠡᠪᠲᠡᠷ ᠤᠨ ᠨᠠᠷᠢᠨ ᠳᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ  ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠵᠢᠴᠢ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠬᠡᠰᠡᠭ ᠰᠤᠮᠤ ᠰᠢᠶᠠᠩ ᠪᠠᠯᠭᠠᠰᠤ ᠪᠣᠯᠣᠨ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠰᠢᠶᠠᠯ ᠤᠨ ᠮᠡᠳᠡᠭᠦᠯᠦᠯᠲᠡ ᠬᠢᠵᠡᠢ᠃    ᠬᠤᠰᠢᠭᠤᠨ ᠤ ᠤᠳᠤᠷᠢᠳᠤᠯᠭ᠎ᠠ ᠯᠢᠦ ᠬᠠᠢ ᠲᠤᠸ᠂ ᠸᠠᠩ ᠶᠢᠨ᠂ ᠶᠠᠩ ᠯᠧᠢ᠂ ᠶᠦᠨ ᠹᠧᠩ᠂ ᠵᠣᠣ ᠬᠤᠩ ᠪᠢᠨ ᠂ ᠮᠠ ᠨᠢᠩ ᠵᠢᠴᠢ ᠬᠤᠰᠢᠭᠤᠨ ᠤ ᠲᠠᠰ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号