ᠶᠢᠰᠦᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 · ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/8/9
     2022080909585582584.jpg2022080909585664034.jpg
    8 ᠳ᠋ᠤᠭᠠᠷ ᠰᠠᠷ᠎ᠠ ᠶᠢᠨ 8 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 · ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃ ᠰᠣᠶᠣᠯ ᠪᠠ ᠵᠤᠭᠠᠴᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠡᡁᠸ ᠫᠢᠩ ᠬᠤᠷᠠᠯ ᠳᠤ ᠪᠡᠶ᠎ᠡ ᠪᠠᠷ ᠢᠶᠠᠨ ᠣᠷᠣᠯᠴᠠᠵᠤ ᠨᠠᠶᠢᠷ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠣᠣ ᠪᠢᠩ ᠤᠭᠲᠤᠬᠤ ᠦᠭᠡ ᠬᠡᠯᠡᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠵᠢᠴᠢ ᠠᠶᠢᠮᠠᠭ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠸᠠᠩ ᠯᠢ ᠰᠢᠶᠠ᠂ 1957 ᠣᠨ ᠳᠤ ᠤᠯᠠᠭᠠᠨᠮᠥ᠋ᠴᠢᠷ ᠥᠪᠥᠷ ᠮᠣᠩᠭᠤᠯ ᠤᠨ ᠲᠠᠯ᠎ᠠ ᠨᠤᠲᠤᠭ ᠲᠤ ᠮᠡᠨᠳᠦᠯᠡᠭᠰᠡᠨ ᠠᠴᠠ ᠨᠠᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠷᠣᠯᠠᠭᠤᠯᠵᠤ ᠪᠣᠯᠣᠰᠢ ᠦᠭᠡᠢ ᠬᠤᠪᠢ ᠨᠡᠮᠡᠷᠢ ᠦᠵᠡᠭᠦᠯᠵᠡᠢ᠃ ᠤᠯᠠᠭᠠᠨᠮᠥ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢᠳᠡᠭ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠭᠦᠨ ᠦᠨᠳᠦᠰᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠪᠦᠬᠦ ᠰᠡᠳᠬᠢᠯ  ᠢᠶᠠᠷ  ᠢᠶᠠᠨ ᠦᠢᠯᠡᠴᠢᠯᠡᠵᠦ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠤ ᠳᠤᠮᠳᠠ ᠳᠡᠯᠭᠡᠷᠡᠵᠦ ᠥᠷᠭᠡᠵᠢᠭᠰᠡᠨ᠂ ᠦᠯᠡᠳᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ᠂ ᠴᠠᠭ ᠦᠶ᠎ᠡ ᠪᠠᠨ ᠮᠠᠭᠲᠠᠨ ᠳᠠᠭᠤᠯᠠᠭᠰᠠᠨ ᠨᠡᠩ ᠤᠯᠠᠨ ᠭᠤᠶᠢᠳᠠ ᠰᠠᠶᠢᠬᠠᠨ ᠲᠣᠭᠯᠠᠯᠲᠠ ᠪᠠᠨ ᠡᠷᠭᠦᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠬᠦ ᠲᠤᠭ ᠢ ᠲᠠᠯ᠎ᠠ ᠨᠤᠲᠤᠭ ᠲᠤ ᠥᠨᠳᠥᠷ ᠨᠠᠮᠢᠷᠠᠭᠤᠯᠵᠤ᠂ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠵᠠᠩ ᠰᠢᠶᠣᠣ ᠪᠢᠩ᠂ ᠬᠢᠩᠭᠠᠨ ᠠᠶᠢᠮᠠᠭ ᠪᠣᠯ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠮᠡᠨᠳᠦᠯᠡᠭᠰᠡᠨ ᠭᠠᠵᠠᠷ ᠮᠥᠨ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠮᠥᠨ᠂ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠮᠥᠨ᠂ ᠪᠦᠬᠦ ᠤᠯᠤᠰ ᠤᠨ ᠨᠡᠷᠡᠳᠦ ᠵᠤᠭᠠᠴᠠᠯ ᠤᠨ ᠵᠣᠷᠢᠭᠰᠠᠨ ᠭᠠᠵᠠᠷ ᠮᠥᠨ᠃ ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠪᠢᠰᠬᠠᠯ ᠤᠨ ᠭᠸᠡ ᠢ ᠤᠯᠠᠮᠵᠢᠯᠠᠵᠤ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠪᠣᠯᠣᠨ ᠬᠥᠭᠵᠢᠯᠲᠡ ᠶᠢᠨ ᠠᠷᠭ᠎ᠠ ᠬᠡᠯᠪᠡᠷᠢ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠶᠠᠪᠤᠬᠤ ᠳᠤᠲᠤᠮ ᠪᠠᠲᠤᠵᠢᠪᠠ᠃ ᠡᠨᠡ ᠤᠳᠠᠭ᠎ᠠ ᠶᠢᠨ ᠤᠷᠠᠯᠢᠭ ᠤᠨ ᠨᠠᠶᠢᠷ ᠢ ᠡᠷᠬᠢᠯᠡᠭᠰᠡᠨ ᠨᠢ ᠬᠢᠩᠭᠠᠨ ᠠᠶᠢᠮᠠᠭ ᠤᠨ ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭ᠎ᠠ ᠰᠣᠶᠣᠯ ᠤᠨ ᠬᠥᠳᠡᠯᠭᠡᠭᠦ ᠬᠦᠴᠦᠨ ᠢ ᠨᠡᠮᠡᠷᠢᠯᠡᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢᠶᠠᠨ ᠬᠥᠪᠴᠢᠯᠡᠵᠦ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠨᠢ ᠯᠠᠪᠲᠠᠢ ᠶᠤᠮ ᠭᠡᠵᠡᠢ᠃     ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠨᠢ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨ᠎ᠠ ︱ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠣᠶ᠎ᠠ︾ ᠭᠡᠬᠦ ᠭᠤᠣᠯ ᠰᠡᠳᠦᠪ ᠢᠶᠠᠷ᠂ ᠪᠥᠬᠦ ᠲᠠᠯ᠎ᠠ ᠶᠢ ᠡᠷᠭᠢᠴᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠲᠠᠪᠤᠨ ᠵᠢᠯ ᠤᠨ ᠲᠤᠷᠰᠢᠬᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃ ᠤᠷᠠᠯᠢᠭ ᠤᠨ ᠨᠠᠶᠢᠷ ᠤᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠪᠠᠰᠠ ᠲᠠᠷᠢᠶᠠᠯᠠᠬᠤ ᠭᠠᠵᠠᠷ᠂ ᠮᠠᠯᠵᠢᠬᠤ ᠣᠷᠣᠨ ᠤ ᠬᠠᠳᠤᠯᠠᠩ ᠪᠡᠯᠴᠢᠭᠡᠷ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠰᠣᠶᠣᠯ ᠤᠨ ᠲᠠᠩᠰᠤᠭ ᠬᠤᠭᠤᠯᠠ ᠬᠦᠷᠭᠡᠭᠡᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号