︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 15 ᠤ ᠡᠳᠦᠷ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ | ᠪᠠᠳᠠᠷᠠᠭᠤᠯᠵᠤ᠂ ᠪᠠᠯᠭᠠᠰᠤᠲᠠᠶ ᠰᠢᠶᠠᠩ ᠤᠨ ᠤᠰᠤᠨ ᠴᠥᠭᠦᠷᠥᠮ ᠤᠨ ᠲᠣᠰᠬᠤᠨ ᠳᠤ ᠮᠠᠯᠴᠢᠨ ᠲᠠᠷᠢᠶᠠᠴᠢᠨ ᠤ | ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ ᠠᠵᠢᠯ ᠲᠠᠨᠢᠯᠴᠠᠭᠤᠯᠬᠤ᠂ ᠠᠵᠢᠯ ᠮᠡᠷᠭᠡᠵᠢᠯ ᠤᠨ | ᠵᠢᠯᠣᠭᠤᠳᠤᠯᠭ᠎ᠠ ᠵᠡᠷᠭᠡ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ᠂ ᠪᠤᠷᠭᠠᠰᠤᠲᠠᠢ ᠰᠢᠶᠠᠩ ᠤᠨ ᠤᠰᠤᠨ | ᠴᠥᠭᠦᠷᠥᠮ ᠤᠨ ᠲᠣᠰᠬᠤᠨ ᠵᠢᠴᠢ ᠡᠷᠬᠢᠨ ᠲᠣᠭᠤᠷᠢᠨ ᠤ ᠠᠶᠢᠯ ᠲᠣᠰᠬᠤᠨ ᠤ ᠣᠯᠠᠨ ᠲᠦᠮᠡᠨ ᠴᠦ ᠵᠠᠯᠭᠠᠭ᠎ᠠ ᠪᠠᠷ | ᠲᠤᠬᠠᠢ ᠶᠢᠨ ᠲᠠᠯᠠᠪᠤᠷ ᠲᠤ ᠢᠷᠡᠵᠦ᠂ ᠠᠵᠢᠯᠲᠠᠨ ᠡᠯᠰᠡᠬᠦ ᠲᠣᠪᠴᠢ ᠳᠦᠷᠢᠮ ᠢ ᠪᠠᠶᠢᠴᠠᠭᠠᠨ ᠦᠵᠡᠵᠦ᠂ ᠬᠥᠮᠥᠨ | ᠬᠡᠷᠡᠭᠯᠡᠬᠦ ᠨᠢᠭᠡᠴᠡ ᠶᠢᠨ ᠠᠵᠤ ᠠᠬᠤᠶᠢᠯᠠᠯ ᠤᠨ ᠲᠣᠶᠢᠮᠣ ᠪᠠᠶᠢᠳᠠᠯ᠂ ᠬᠥᠮᠥᠨ ᠬᠡᠷᠡᠭᠯᠡᠬᠦ ᠬᠡᠷᠡᠭᠴᠡᠭᠡ᠂ ᠴᠠᠯᠢᠩ | ᠣᠯᠭᠤᠮᠵᠢ ᠪᠠ ᠠᠵᠢᠯᠲᠠᠨ ᠤ ᠠᠰᠠᠷᠠᠮᠵᠢ ᠵᠡᠷᠭᠡ ᠶᠢᠨ ᠲᠤᠬᠠᠢ ᠮᠡᠳᠡᠭᠡ ᠵᠠᠩᠭᠢ ᠶᠢ ᠣᠶᠢᠯᠠᠭᠠᠬᠤ ᠶᠢ ᠰᠣᠨᠣᠰᠪᠠ᠃ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠤᠨ ᠬᠠᠪᠰᠤᠷᠤᠯᠭ᠎ᠠ ᠪᠠ ᠵᠢᠯᠣᠭᠤᠳᠤᠯᠭ᠎ᠠ ᠶᠢᠨ | ᠳᠣᠣᠷ᠎ᠠ᠂ ᠮᠠᠰᠢ ᠤᠯᠠᠨ ᠲᠣᠰᠬᠤᠨ ᠤ ᠠᠷᠠᠳ ᠰᠠᠨᠠᠭᠠᠨ ᠳᠠᠭᠠᠨ ᠳᠠᠭᠠᠷᠠᠭᠰᠠᠨ ᠠᠵᠢᠯ ᠤᠨ ᠪᠠᠶᠢᠷᠢ ᠣᠯᠵᠤ᠂ ᠬᠤᠪᠢ | ᠬᠥᠮᠥᠨ ᠤ ᠠᠵᠢᠯ ᠡᠷᠢᠬᠦ ᠮᠡᠳᠡᠭᠡ ᠵᠠᠩᠭᠢ ᠶᠢᠨ ᠬᠦᠰᠦᠨᠦᠭᠲᠦ ᠶᠢ ᠲᠠᠭᠯᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠠᠶᠢᠮᠠᠭ ᠤᠨ ᠳᠣᠲᠣᠷᠠᠬᠢ 25 ᠠᠵᠤ ᠠᠬᠤᠶᠢᠯᠠᠯ | ᠬᠤᠳᠠᠯᠳᠤᠭᠠᠨ ᠤ ᠳᠠᠭᠠᠳᠬᠠᠯ᠂ ᠬᠥᠮᠥᠨ ᠤ ᠬᠦᠴᠦᠨ ᠤ ᠡᠬᠢ ᠪᠠᠶᠠᠯᠢᠭ᠂ ᠵᠠᠰᠠᠭ ᠵᠠᠬᠢᠷᠭᠠᠨ ᠤ ᠬᠠᠮᠢᠶᠠᠷᠤᠯᠲᠠ᠂ | ᠵᠣᠴᠢᠳ ᠤᠨ ᠪᠠᠭᠤᠳᠠᠯ᠂ ᠬᠤᠨᠤᠭ ᠤᠨ ᠪᠠᠭᠤᠳᠠᠯ᠂ ᠵᠤᠭ᠎ᠠ ᠴᠡᠩᠭᠡᠯ ᠢᠳᠡᠭᠡᠨ ᠤᠮᠳᠠᠭᠠᠨ᠂ ᠠᠮᠤᠷ ᠢ ᠬᠠᠮᠠᠭᠠᠯᠠᠬᠤ | ᠠᠷᠢᠭᠤᠨ ᠴᠡᠪᠡᠷ ᠵᠡᠷᠭᠡ ᠠᠵᠢᠯ ᠤᠨ ᠪᠠᠶᠢᠷᠢ ᠶᠢ ᠬᠠᠮᠤᠷᠤᠭᠰᠠᠨ 1600 ᠭᠠᠷᠤᠢ ᠠᠵᠢᠯ ᠤᠨ ᠪᠠᠶᠢᠷᠢ ᠬᠠᠩᠭᠠᠭᠰᠠᠨ | ᠪᠠᠶᠢᠨ᠎ᠠ᠃ ᠲᠤᠬᠠᠢ ᠶᠢᠨ ᠡᠳᠦᠷ ᠲᠤ ᠲᠠᠯᠠᠪᠠᠶ ᠳᠤ ᠣᠷᠣᠭᠰᠠᠨ ᠬᠥᠮᠥᠨ ᠤ ᠲᠤᠭ᠎ᠠ ᠨᠢ 100 ᠭᠠᠷᠤᠢ ᠬᠥᠮᠥᠨ | ᠪᠠᠶᠢᠵᠤ᠂ ᠲᠤᠬᠠᠢ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠥᠪᠯᠡᠯᠭᠡ ᠪᠠ ᠠᠵᠢᠯ | ᠣᠯᠭᠤᠯᠲᠠ ᠶᠢᠨ ᠵᠢᠯᠣᠭᠤᠳᠤᠯᠭ᠎ᠠ ᠶᠢ 80 ᠬᠥᠮᠥᠨ ᠤᠳᠠᠭ᠎ᠠ ᠬᠠᠩᠭᠠᠵᠤ᠂ 21 ᠬᠥᠮᠥᠨ ᠲᠤᠬᠠᠢ ᠶᠢᠨ ᠲᠠᠯᠠᠪᠤᠷ ᠲᠤ | ᠠᠵᠢᠯ ᠣᠯᠬᠤ ᠰᠠᠨᠠᠯ ᠲᠠᠢ ᠪᠣᠯᠪᠠ᠃ | |