9 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠲᠠ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ | ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠸᠠᠩ ᠶᠢᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠤᠯᠲᠠ ᠳᠤ᠂ ᠸᠠᠩ ᠯᠢ ᠳ᠋ᠦᠩ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠢᠦᠢ ᠺᠧ ᠪᠠᠭ᠎ᠠ ᠲᠣᠭᠤᠷᠢᠭ ᠲᠤ ᠬᠦᠷᠴᠦ᠂ | ᠰᠠᠭᠠᠳ ᠦᠭᠡᠢ ᠨᠡᠪᠲᠡᠷᠡᠬᠦ ᠵᠠᠮ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠤ ᠵᠡᠭᠡᠯᠢ ᠶᠢᠨ ᠵᠢᠵᠢᠭ | ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠷᠢᠯᠭ᠎ᠠ ᠶᠢᠨ ᠭᠠᠳᠠᠷᠭᠤ ᠡᠪᠳᠡᠷᠡᠭᠰᠡᠨ᠂ ︽ᠨᠢᠰᠬᠦ | ᠱᠤᠭᠤᠮ︾ ᠤᠨ ᠵᠠᠰᠠᠯᠲᠠ᠂ ᠭᠤᠣᠯ ᠵᠡᠭᠡᠯᠢ ᠭᠤᠣᠯ ᠵᠠᠮ ᠤᠨ ᠲᠠᠶᠢᠪᠤᠩ ᠪᠠᠶᠢᠳᠠᠯ ᠳᠤ ᠲᠡᠷᠭᠡ ᠵᠣᠭᠰᠣᠭᠰᠠᠨ᠂ | ᠴᠡᠴᠡᠷᠯᠢᠭ ᠤᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠵᠡᠷᠭᠡ ᠪᠠᠶᠢᠳᠠᠯ ᠢ ᠣᠶᠢᠯᠠᠭᠠᠪᠠ᠃ ᠸᠠᠩ | ᠯᠢ ᠳ᠋ᠦᠩ᠂ ᠡᠯ᠎ᠡ ᠬᠠᠷᠢᠭᠤᠴᠠᠯᠭᠠᠲᠤ ᠨᠢᠭᠡᠴᠡ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠳᠲᠡᠷ ᠲᠦᠷᠭᠡᠨ | ᠬᠥᠳᠡᠯᠦᠯᠴᠡᠵᠦ᠂ ᠦᠨᠳᠦᠰᠦ ᠰᠤᠷᠪᠤᠯᠵᠢ ᠶᠢ ᠨᠢ ᠣᠨᠣᠪᠴᠢᠲᠠᠢ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠯᠪᠤᠭᠠᠯᠠᠨ ᠬᠠᠤᠯᠢ ᠬᠡᠷᠡᠭᠵᠢᠭᠦᠯᠬᠦ ᠬᠦᠴᠦᠨ ᠢ | ᠴᠢᠩᠭᠠᠳᠬᠠᠵᠤ᠂ ᠬᠤᠳᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠵᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠪᠠᠶᠢᠭᠤᠯᠬᠤ ᠡᠯ᠎ᠡ | ᠵᠦᠢᠯ ᠤᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠲᠠᠪᠠ᠃ | | |