ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠤᠨ ᠵᠦᠢᠯ ᠤᠨ ᠬᠠᠩᠭᠠᠯᠭ᠎ᠠ ᠣᠯᠠᠨ ᠲᠦᠮᠡᠨ ᠤ ᠬᠡᠷᠡᠭᠴᠡᠭᠡ ᠶᠢ ᠭᠦᠢᠴᠡᠳ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/1/10
     ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠤᠨ ᠵᠦᠢᠯ ᠤᠨ ᠶᠠᠰᠤ ᠴᠢᠨᠠᠷ᠂ ᠪᠣᠷᠤᠯᠠᠭᠤᠯᠭ᠎ᠠ ᠶᠢᠨ ᠦᠨ᠎ᠡ ᠬᠠᠩᠰᠢ᠂ ᠬᠠᠩᠭᠠᠯᠭ᠎ᠠ ᠶᠢᠨ ᠪᠠᠶᠢᠳᠠᠯ᠂ ᠡᠮ ᠤᠨ ᠵᠦᠢᠯ ᠤᠨ ᠬᠠᠳᠠᠭᠠᠯᠠᠯᠲᠠ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠮ ᠤᠨ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠤᠪᠢᠷᠠᠯᠲᠠ ᠶᠢ ᠴᠠᠭ ᠲᠤᠬᠠᠢ ᠳᠤᠨᠢ ᠠᠩᠬᠠᠷᠴᠤ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠪᠠ ᠡᠮ ᠤᠨ ᠵᠦᠢᠯ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠪᠠ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠢᠶᠠᠨ ᠾᠧ ᠡᠮ ᠤᠨ ᠳᠡᠯᠭᠡᠭᠦᠷ ᠲᠤ᠂ ᠡᠮ ᠬᠤᠳᠠᠯᠳᠤᠨ ᠠᠪᠬᠤ ᠪᠠᠷ ᠢᠷᠡᠭᠰᠡᠨ ᠵᠣᠴᠢᠳ ᠲᠠᠰᠤᠷᠠᠯᠲᠠ ᠦᠭᠡᠢ ᠣᠯᠠᠰᠢᠷᠠᠵᠤ᠂ ᠬᠠᠨᠢᠶᠠᠳᠤ ᠶᠢ ᠵᠣᠭᠰᠤᠭᠠᠬᠤ ᠲᠥᠷᠥᠯ ᠤᠨ ᠡᠮ ᠤᠨ ᠵᠦᠢᠯ ᠤᠨ ᠪᠣᠷᠤᠯᠠᠭᠤᠯᠭ᠎ᠠ ᠮᠠᠰᠢ ᠪᠠᠴᠢᠮ ᠪᠠᠶᠢᠨ᠎ᠠ᠃ ᠡᠮ ᠤᠨ ᠬᠤᠷᠭᠤᠨ ᠳᠠᠬᠢ ︽ᠳᠥᠷᠪᠡᠨ ᠲᠥᠷᠥᠯ︾ ᠤᠨ ᠡᠮ ᠤᠨ ᠵᠦᠢᠯ ᠤᠨ ᠬᠤᠳᠠᠯᠳᠤᠬᠤ ᠦᠨ᠎ᠡ ᠶᠢᠨ ᠱᠣᠰᠢᠭ᠎ᠠ ᠲᠡᠮᠳᠡᠭ ᠨᠢ ᠲᠣᠳᠣᠷᠬᠠᠢ᠂ ᠦᠨ᠎ᠡ ᠬᠠᠩᠰᠢ ᠨᠢ ᠲᠣᠭᠲᠠᠭᠤᠨ ᠪᠠᠶᠢᠵᠤ᠂ ᠣᠯᠠᠩᠬᠢ ︽ᠳᠥᠷᠪᠡᠨ ᠲᠥᠷᠥᠯ︾ ᠤᠨ ᠡᠮ ᠤᠨ ᠵᠦᠢᠯ ᠤᠨ ᠬᠠᠩᠭᠠᠯᠭ᠎ᠠ ᠭᠦᠢᠴᠡᠳ᠂ ᠡᠮ ᠨᠠᠶᠢᠷᠠᠭᠴᠢ ᠴᠤ ᠪᠦᠭᠦᠳᠡᠭᠡᠷ ᠠᠵᠢᠯ ᠤᠨ ᠪᠠᠶᠢᠷᠢ ᠳᠠᠭᠠᠨ ᠪᠠᠶᠢᠵᠤ᠂ ᠣᠯᠠᠨ ᠲᠦᠮᠡᠨ ᠤ ᠡᠮ ᠬᠤᠳᠠᠯᠳᠤᠨ ᠠᠪᠬᠤ ᠯᠠᠪᠯᠠᠭ᠎ᠠ᠂ ᠬᠥᠲᠥᠯᠥᠨ ᠵᠢᠯᠤᠭᠤᠳᠬᠤ ᠬᠡᠷᠡᠭᠴᠡᠭᠡ ᠶᠢ ᠬᠠᠩᠭᠠᠵᠤ ᠪᠠᠶᠢᠨ᠎ᠠ᠃     ᠲᠣᠰ ᠡᠮ ᠤᠨ ᠳᠡᠯᠭᠡᠭᠦᠷ ᠤᠨ ᠳᠠᠷᠤᠭ᠎ᠠ ᠰᠢᠦᠢ ᠲᠢᠶᠠᠨ ᠭᠤᠸᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠣᠳᠣᠬᠠᠨ ᠳᠤ ᠡᠮ ᠤᠨ ᠵᠦᠢᠯ ᠤᠨ ᠲᠥᠷᠥᠯ ᠵᠦᠢᠯ ᠪᠦᠷᠢᠨ ᠭᠦᠢᠴᠡᠳ᠂ ᠬᠠᠳᠠᠭᠠᠯᠠᠮᠵᠢ ᠭᠦᠢᠴᠡᠳ ᠪᠠᠶᠢᠨ᠎ᠠ᠃ ᠡᠳᠦᠷ ᠪᠦᠷᠢ ᠬᠢᠮᠤᠷᠠᠭ᠎ᠠ ᠶᠢᠨ ᠲᠥᠷᠥᠯ᠂ ᠬᠠᠨᠢᠶᠠᠳᠤ ᠶᠢ ᠵᠣᠭᠰᠤᠭᠠᠬᠤ ᠲᠥᠷᠥᠯ᠂ ᠬᠠᠯᠠᠭᠤᠨ ᠢ ᠪᠠᠭᠤᠷᠠᠭᠤᠯᠬᠤ ᠲᠥᠷᠥᠯ᠂ ᠸᠢᠷᠦ᠋ᠰ ᠢ ᠡᠰᠡᠷᠭᠦᠴᠡᠬᠦ ᠲᠥᠷᠥᠯ ᠤᠨ ᠡᠮ ᠤᠨ ᠵᠦᠢᠯ ᠢ ᠬᠥᠮᠥᠷᠭᠡ ᠳᠤ ᠣᠷᠣᠭᠤᠯᠵᠤ ᠪᠠᠶᠢᠬᠤ ᠪᠥᠭᠡᠳ ᠦᠨ᠎ᠡ ᠬᠠᠩᠰᠢ ᠨᠢ ᠲᠣᠭᠲᠠᠪᠤᠷᠢᠲᠠᠢ ᠪᠠᠶᠢᠵᠤ᠂ ᠬᠡᠷᠡᠭᠯᠡᠭᠴᠢᠳ ᠤᠨ ᠡᠮ ᠬᠡᠷᠡᠭᠯᠡᠬᠦ ᠬᠡᠷᠡᠭᠴᠡᠭᠡ ᠶᠢ ᠪᠦᠷᠢᠮᠦᠰᠦᠨ ᠬᠠᠩᠭᠠᠵᠤ ᠲᠠᠶᠢᠯᠤᠨ᠎ᠠ  ᠭᠡᠪᠡ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠳᠡ ᠥᠷᠭᠡᠨ ᠣᠯᠠᠨ ᠬᠡᠷᠡᠭᠯᠡᠭᠴᠢᠳ ᠲᠤ ᠰᠣᠬᠤᠷ ᠪᠠᠯᠠᠢ ᠪᠠᠷ ︽ᠡᠮ ᠨᠥᠭᠡᠴᠡᠯᠡᠵᠦ︾ ᠪᠣᠯᠬᠤ ᠦᠭᠡᠢ ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠪᠣᠯ ᠵᠠᠩᠭᠢᠯᠠᠭ᠎ᠠ ᠪᠣᠯᠣᠨ᠎ᠠ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号