ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠵᠢᠯ ᠢ ᠡᠷᠭᠢᠯᠡᠪᠡ
ᠨᠡᠶᠢᠲᠡᠯᠡᠭᠰᠡᠨ ᠴᠠᠭ᠄
2023/1/10
     1 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠵᠢᠯ ᠢ ᠡᠷᠭᠢᠯᠡᠪᠡ᠃ ᠪᠦᠬᠦ ᠬᠤᠰᠢᠭᠤᠨ ᠤ 61 ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠵᠢᠴᠢ ᠨᠠᠮ ᠤᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠭᠤᠣᠯ ᠬᠠᠷᠢᠭᠤᠴᠠᠯᠭᠠᠲᠠᠳ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠼᠠᠢ ᠮᠢᠩ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠯᠲᠠ︾ ᠭᠡᠬᠦ ᠰᠡᠳᠦᠪ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠪᠠ ᠴᠢᠬᠤᠯᠠ ᠶᠡᠭᠡ ᠠᠴᠢ ᠬᠤᠯᠪᠣᠭᠳᠠᠯ ᠢ ᠲᠤᠰ ᠲᠤᠰ ᠳᠥᠷᠪᠡᠨ ᠲᠠᠯ᠎ᠠ  ᠪᠠᠷ ᠲᠣᠳᠣᠷᠬᠠᠶᠢᠯᠠᠨ ᠥᠭᠦᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦ ᠭᠡᠰᠢᠭᠦᠳ ᠤᠨ ︵ᠥᠷᠭᠡᠳᠬᠡᠭᠰᠡᠨ︶ ᠤᠨ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠪᠠ ᠡᠮᠦᠨᠡᠲᠦ ᠬᠤᠰᠢᠭᠤᠨ ᠤ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠲᠣᠬᠢᠷᠠᠭᠤᠯᠤᠯᠲᠠ ᠪᠠ ᠱᠠᠭᠠᠷᠳᠠᠯᠭ᠎ᠠ ᠳᠤᠷᠠᠳᠴᠤ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠪᠣᠳᠠᠲᠠᠢ ᠠᠷᠭ᠎ᠠ ᠵᠠᠮ ᠪᠠ ᠪᠦᠲᠦᠮᠵᠢᠲᠡᠶ ᠭᠠᠷᠳᠠᠴᠠ ᠬᠠᠩᠭᠠᠭᠰᠠᠨ ᠪᠠᠶᠢᠨ᠎ᠠ᠃     ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠯᠡᠷᠬᠡᠶᠢᠯᠡᠬᠦ ᠳᠡᠭᠡᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠵᠠᠭᠤᠨ ᠵᠢᠯ ᠤᠨ ᠨᠠᠮ ᠤᠨ ᠲᠡᠦᠬᠡ ᠶᠢ ᠦᠷᠭᠦᠯᠵᠢᠯᠡᠨ ᠰᠤᠷᠤᠯᠴᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠰᠡᠳᠬᠢᠯ ᠳᠡᠭᠡᠨ ᠬᠠᠳᠠᠩᠰᠢᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠥᠨᠳᠥᠷ ᠪᠠᠷᠢᠮᠵᠢᠶ᠎ᠠ ᠪᠠᠷ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号