ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/1/16
    1 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠳᠤ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠮᠦᠰ ᠤᠨ ᠰᠡᠳᠭᠢᠯ ᠳᠤ ᠤᠯᠠᠮ ᠨᠢᠭᠡ ᠠᠯᠬᠤᠮ ᠬᠠᠳᠠᠩᠰᠢᠭᠤᠯᠬᠤ ᠶᠢ ᠠᠬᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ 40 ᠭᠠᠷᠤᠢ ᠨᠠᠮ ᠤᠨ ᠭᠡᠰᠢᠭᠦᠨ ᠺᠠᠳ᠋ᠷ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ ᠼᠦᠢ ᠵᠢᠶᠠᠨ ᠫᠢᠩ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠺᠠᠳ᠋ᠷᠴᠤᠳ ᠲᠤ ︽ᠬᠤᠷᠢᠳᠤᠭᠠᠷ ᠶᠡᠭᠡ ᠬᠤᠷᠠᠯ ᠤᠨ ᠰᠢᠨ᠎ᠡ ᠠᠶᠠᠯᠠᠯ ᠢᠶᠠᠨ ᠡᠬᠢᠯᠡᠭᠦᠯᠦᠶ᠎ᠡ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠳᠠᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠵᠡᠷᠭᠡ ᠭᠤᠷᠪᠠᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ  ᠲᠠᠢ ᠭᠦᠨᠵᠡᠭᠡᠢ ᠲᠠᠶᠢᠯᠪᠤᠷᠢᠯᠠᠵᠠᠢ᠃     ᠤᠬᠠᠭᠤᠯᠤᠨ ᠲᠠᠶᠢᠯᠪᠤᠷᠢᠯᠠᠬᠤ ᠬᠤᠷᠠᠯ  ᠠᠴᠠ ᠳᠤᠷᠠᠳᠤᠭᠰᠠᠨ ᠨᠢ᠂ ᠪᠥᠬᠦ ᠬᠤᠰᠢᠭᠤᠨ ᠤ ᠤᠬᠠᠭᠤᠯᠬᠤ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠬᠠᠳᠠᠩᠰᠢᠭᠤᠯᠬᠤ ᠬᠡᠷᠡᠭᠲᠡᠢ᠃ ᠨᠠᠷᠢᠨ ᠨᠢᠮᠪᠠᠢ ᠤᠬᠠᠭᠠᠯᠠᠨ ᠵᠣᠬᠢᠶᠠᠨ ᠪᠠᠶᠢᠭᠤᠯᠵᠤ᠂ ᠳᠣᠲᠣᠭᠠᠳᠤ ᠭᠠᠳᠠᠭᠠᠳᠤ ᠤᠬᠠᠭᠤᠯᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠲᠠᠶᠢᠯᠪᠤᠷᠢᠯᠠᠬᠤ ᠪᠠ ᠰᠦᠯᠵᠢᠶᠡᠨ ᠳᠡᠭᠡᠷ᠎ᠡ ᠤᠬᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号