ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/18
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠢᠨ ᠲᠥᠯᠥᠭᠡ᠂ 1 ᠰᠠᠷ᠎ᠠ ᠶᠢᠨ 16 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠡ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠬᠤᠸ ᠵᠧᠨ ᠳ᠋ᠦᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠳᠠᠭᠠᠨ ︽ᠲᠡᠦᠬᠡ ᠶᠢᠨ ᠠᠭᠤᠤ ᠦᠢᠯᠡᠰ ᠰᠢᠨ᠎ᠡ ᠵᠠᠮ ᠢ ᠡᠬᠢᠯᠡᠭᠦᠯᠵᠦ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠠᠮᠲᠤ ᠪᠠᠷ ᠲᠡᠮᠡᠴᠡᠶ᠎ᠡ︾ ᠭᠡᠰᠡᠨ ᠭᠤᠣᠯ  ᠰᠡᠳᠡᠪᠲᠦ ᠲᠠᠶᠢᠯᠤᠮᠵᠢ ᠬᠢᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠬᠤ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠂ ᠥᠪᠥᠷ ᠮᠣᠩᠭᠤᠯ ᠳᠤ ᠦᠨᠳᠦᠰᠦᠯᠡᠭᠦᠯᠵᠦ ᠴᠡᠴᠡᠭᠯᠡᠨ ᠵᠢᠮᠢᠰᠯᠡᠬᠦ ᠶᠢ ᠠᠬᠢᠭᠤᠯᠬᠤ︾ ᠵᠡᠷᠭᠡ ᠭᠤᠷᠪᠠᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠬᠤ ᠪᠠ ᠭᠦᠨᠵᠡᠭᠡᠢ ᠲᠠᠶᠢᠯᠪᠣᠷᠢᠯᠠᠪᠠ᠃ ᠢᠯᠡᠳᠬᠡᠯ ᠤᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ᠂ ᠮᠠᠰᠢ ᠴᠢᠩᠭ᠎ᠠ ᠤᠨᠤᠯ ᠤᠨ ᠴᠢᠨᠠᠷ᠂ ᠦᠵᠡᠯ ᠰᠠᠨᠠᠭᠠᠴᠢ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠪᠠ ᠣᠨᠣᠪᠴᠢᠲᠠᠶ ᠡᠵᠡᠮᠰᠢᠬᠦ ᠳᠤ ᠮᠠᠰᠢ ᠶᠡᠭᠡ ᠰᠡᠩᠬᠡᠷᠡᠭᠦᠯᠦᠯ ᠪᠣᠯᠤᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠠᠵᠢᠯᠲᠠᠨ ᠪᠤᠯᠬᠤ  ᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠯ ᠢ ᠪᠠᠲᠤ ᠴᠡᠭᠡᠵᠢᠯᠡᠵᠦ᠂ ︽ᠭᠤᠷᠪᠠᠨ ᠡᠷᠬᠡᠪᠰᠢ︾ ᠶᠢ ᠦᠢᠯᠡᠳᠦᠯᠭᠡᠵᠢᠭᠦᠯᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠠᠷᠤᠤ ᠪᠣᠯᠭᠤᠮᠵᠢᠲᠠᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠶᠡᠷᠦᠩᠬᠡᠢ ᠱᠦᠵᠢ ᠰᠢ ᠶᠢᠨ ᠫᠢᠩ  ᠤ ᠵᠢᠭᠠᠵᠤ ᠭᠠᠷᠭᠠᠭᠰᠠᠨ ︽ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ︾ ᠴᠢᠬᠤᠯᠠ ᠵᠢᠭᠠᠪᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠬᠡᠷᠡᠭ ᠡᠷᠬᠢᠯᠡᠬᠦ ᠲᠦᠪᠰᠢᠨ ᠢ ᠳᠡᠭᠡᠭᠰᠢᠯᠡᠭᠦᠯᠵᠦ᠂ ᠬᠡᠷᠡᠭ ᠡᠷᠬᠢᠯᠡᠬᠦ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠤᠯᠠᠨ ᠲᠦᠮᠡᠨ ᠳᠤ ᠨᠡᠩ ᠬᠠᠯᠠᠭᠤᠨ ᠳᠣᠲᠣᠨᠣ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号