ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/18
      1 ᠰᠠᠷ᠎ᠠ ᠶᠢᠨ 16 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠤᠸᠠᠩ ᠮᠠᠨ ᠯᠢᠶᠠᠩ ᠬᠤᠷᠠᠯ ᠳᠤ ᠣᠷᠣᠯᠴᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠮᠡᠳᠡᠭᠳᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃ ᠬᠤᠷᠠᠯ ᠳᠡᠭᠡᠷ᠎ᠡ᠂ ᠬᠤᠸᠠᠩ ᠮᠠᠨ ᠯᠢᠶᠠᠩ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠮᠦᠨ᠎ᠡ ᠹᠷᠣᠨᠲ ᠲᠤ ᠵᠢᠯᠤᠭᠤᠳᠴᠤ᠂ ᠡᠮᠦᠨ᠎ᠡ ᠹᠷᠣᠨᠲ ᠲᠤ ᠱᠠᠯᠠᠪᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠂ ᠡᠨᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯᠭᠡ ᠶᠢᠨ ᠠᠵᠢᠯᠯᠠᠭ᠎ᠠ ᠪᠣᠯᠬᠤ ᠪᠠᠷ ᠪᠠᠷᠠᠬᠤ ᠦᠭᠡᠢ ᠪᠠᠰᠠ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠲᠣᠬᠢᠷᠠᠭᠤᠯᠤᠯᠲᠠ ᠪᠣᠯᠣᠨ᠎ᠠ᠂ ᠨᠡᠩ ᠴᠤ ᠡᠯ᠎ᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠯᠭᠠᠬᠤ ᠴᠢᠬᠤᠯᠠ ᠬᠡᠮᠵᠢᠭᠦᠷ ᠪᠣᠯᠣᠨ᠎ᠠ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾  ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠬᠦᠴᠦᠯᠡᠬᠦ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ᠂ ᠶᠠᠰᠤ ᠶᠢ ᠨᠢ ᠬᠤᠰᠤᠵᠤ ᠬᠤᠣᠷ ᠢ ᠨᠢ ᠲᠠᠶᠢᠯᠬᠤ ᠰᠥᠰᠥ ᠵᠣᠷᠢᠭ ᠪᠠ ᠡᠷᠡᠰ ᠵᠣᠷᠢᠭ ᠢᠶᠠᠷ ᠡᠯ᠎ᠡ ᠵᠦᠢᠯ ᠤᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠭᠡᠵᠡᠢ᠃     ᠬᠠᠷᠢᠭᠤ ᠲᠤᠰᠬᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯᠪᠠᠰᠤᠷᠠᠯ ᠤᠨ ᠬᠤᠷᠠᠯ ᠬᠢᠵᠦ᠂ ᠡᠯ᠎ᠡ ᠴᠠᠭᠳᠠᠨ ᠪᠠᠶᠢᠴᠠᠭᠠᠭᠳᠠᠭᠰᠠᠨ ᠨᠢᠭᠡᠴᠡ ᠳᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠪᠯᠡᠷᠡᠩᠭᠦᠢ ᠪᠣᠯᠪᠠᠰᠤᠷᠠᠯ ᠬᠢᠵᠡᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号